ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠲᠠᠬᠢᠨ ᠬᠤᠷᠢᠶᠠᠨ ᠠᠪᠬᠤ ᠶᠢ ᠪᠡᠶᠡᠯᠡᠭᠦᠯᠵᠦ᠂ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ | ᠤᠢᠢᠷ᠎ᠠ ᠶᠢᠨ ᠡᠳᠦᠷ ᠤᠳ ᠲᠤ᠂ ᠰᠢᠩ ᠡᡁᠧ ᠰᠢᠶᠠᠨ ᠤ ᠬᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠣᠬᠢᠷᠲᠤᠯ ᠦᠭᠡᠢ ᠲᠠᠷᠢᠶᠠᠯᠠᠩ ᠤᠨ ᠡᠷᠬᠢᠯᠳᠡᠳᠦ | ᠬᠥᠭᠵᠢᠯᠲᠡ ᠶᠢ ᠠᠬᠢᠭᠤᠯᠪᠠ᠃ | | | ᠣᠳᠣᠬᠠᠨ ᠳᠤ ᠶᠠᠭ ᠰᠠᠶᠢᠬᠠᠨ ᠨᠠᠮᠤᠷ ᠤᠨ ᠰᠡᠭᠦᠯᠴᠢ ᠶᠢᠨ ᠲᠠᠷᠢᠶᠠᠯᠠᠩ ᠤᠨ ᠰᠡᠯᠡᠭᠦᠦ ᠴᠠᠭ ᠢᠶᠠᠷ ᠢᠶᠠᠨ᠂ | ᠰᠢᠩ ᠡᡁᠧ ᠰᠢᠶᠠᠨ ᠤ ᠰᠠᠶᠢᠬᠤᠰᠤ ᠪᠠᠯᠭᠠᠰᠤᠨ ᠤ ᠲᠠᠷᠢᠶᠠᠨ ᠵᠠᠬ᠎ᠠ ᠳᠤ ᠬᠦᠷᠬᠦ ᠳᠤ᠂ ᠨᠢᠭᠡ ᠨᠢᠭᠡ ᠲᠷᠠᠺᠲ᠋ᠣᠷ | ᠲᠠᠷᠢᠶᠠᠨ ᠳᠠᠯᠠᠩ ᠤᠨ ᠬᠤᠭᠤᠷᠣᠨᠳᠣ ᠨᠠᠰᠢ ᠴᠠᠰᠢ ᠰᠦᠯᠵᠢᠯᠳᠦᠨ ᠠᠵᠢᠯᠯᠠᠵᠤ ᠪᠠᠶᠢᠬᠤ ᠳᠤ᠂ ᠲᠣᠰᠬᠤᠨ ᠤ ᠠᠷᠠᠳ | ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠤᠭᠤᠲᠠᠨ ᠳᠤ ᠬᠢᠵᠦ᠂ ᠨᠢᠭᠡᠳᠦᠯᠲᠡᠢ | ᠬᠤᠷᠢᠶᠠᠨ ᠠᠪᠴᠤ᠂ ᠲᠣᠭᠲᠠᠭᠰᠠᠨ ᠭᠠᠵᠠᠷ ᠲᠤ ᠬᠦᠷᠭᠡᠨ ᠰᠢᠢᠳᠪᠦᠷᠢᠯᠡᠭᠦᠯᠵᠡᠢ᠃ | | | ᠲᠠᠷᠢᠶᠠᠯᠠᠩ ᠤᠨ ᠠᠵᠢᠯ ᠳᠠᠭᠤᠰᠬᠤ ᠶᠢ ᠳᠠᠭᠠᠯᠳᠤᠨ᠂ ᠰᠢᠩ ᠾᠧ ᠰᠢᠶᠠᠨ ᠰᠦᠯᠢᠶᠣᠣ ᠪᠦᠷᠬᠦᠪᠴᠢ ᠶᠢ | ᠬᠤᠷᠢᠶᠠᠨ ᠠᠪᠴᠤ ᠠᠰᠢᠭᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠬᠡᠨ ᠬᠡᠷᠡᠭᠯᠡᠪᠡᠯ ᠬᠡᠨ ᠬᠤᠷᠢᠶᠠᠨ | ᠠᠪᠴᠤ᠂ ᠬᠡᠨ ᠠᠰᠢᠭ ᠭᠥᠷᠳᠡᠪᠡᠯ ᠬᠡᠨ ᠢᠯᠭᠠᠷᠠᠭᠤᠯᠤᠨ ᠳᠢᠭᠯᠡᠬᠦ︾ ᠵᠠᠷᠴᠢᠮ ᠶᠣᠰᠣᠭᠠᠷ᠂ ᠢᠯᠭᠠᠷᠠᠭᠤᠯᠤᠨ ᠳᠢᠭᠯᠡᠬᠦ | ᠬᠡᠯᠡᠯᠴᠡᠭᠡᠷ ᠤᠨ ᠪᠢᠴᠢᠭ ᠲᠣᠭᠲᠠᠬᠤ ᠪᠠ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠠᠷᠢᠶᠠᠴᠢᠨ ᠡᠷᠦᠬᠡ ᠶᠢ ᠵᠣᠷᠢᠭᠵᠢᠭᠤᠯᠤᠨ ᠳᠠᠶᠢᠴᠢᠯᠠᠵᠤ ᠪᠠᠶᠢᠭᠠᠳ ᠬᠠᠭᠤᠴᠢᠨ ᠬᠠᠶᠠᠭᠳᠠᠮᠠᠯ | ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠲᠡᠭᠦᠵᠦ ᠠᠪᠤᠭᠤᠯᠤᠨ᠎ᠠ᠃ | ᠡᠭᠡᠭᠦᠯᠦᠨ ᠬᠤᠷᠢᠶᠠᠭᠰᠠᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠣᠯᠪᠠᠰᠤᠷᠠᠭᠤᠯᠬᠤ ᠪᠠᠷ | ᠳᠡᠮᠵᠢᠨ ᠮᠥᠬᠦᠯᠢᠭ ᠪᠣᠯᠭᠠᠵᠤ᠂ ᠳᠠᠬᠢᠨ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠶᠢ | ᠦᠢᠯᠡᠳᠴᠦ᠂ ᠡᠬᠢ ᠪᠠᠶᠠᠯᠢᠭ ᠢ ᠳᠠᠬᠢᠨ ᠡᠭᠡᠭᠦᠯᠦᠨ ᠬᠤᠷᠢᠶᠠᠵᠤ ᠠᠰᠢᠭᠯᠠᠬᠤ ᠶᠢ ᠪᠡᠶᠡᠯᠡᠭᠦᠯᠦᠨ᠎ᠡ᠃ ᠰᠢᠩ ᠾᠧ | ᠰᠢᠶᠠᠨ ᠳᠤ ᠨᠡᠶᠢᠳᠡ 9 ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠦᠷᠳᠡᠭᠡ | ᠪᠠᠶᠢᠭᠤᠯᠵᠤ᠂ ᠣᠷᠣᠨ ᠪᠦᠰᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠣᠲᠣ ᠪᠣᠯᠲᠠᠯ᠎ᠠ᠂ ᠰᠢᠩ ᠾᠧ | ᠰᠢᠶᠠᠨ ᠤ ᠰᠦᠯᠢᠶᠣᠣ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠨᠢᠭᠡᠨᠲᠡ 50% ᠠᠴᠠ ᠳᠡᠭᠡᠭᠰᠢ ᠳᠤ | ᠬᠦᠷᠴᠦ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ | ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠰᠦᠯᠢᠶᠣᠣ | ᠪᠦᠷᠬᠦᠪᠴᠢ ᠶᠢᠨ ᠦᠯᠡᠳᠡᠭᠳᠡᠯ ᠢ ᠪᠦᠲᠦᠮᠵᠢᠲᠡᠶ ᠪᠠᠭᠠᠰᠬᠠᠵᠤ᠂ ᠬᠥᠷᠥᠰᠥ ᠰᠢᠷᠣᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠠᠭᠠᠯᠠᠭᠰᠠᠨ ᠪᠠᠶᠢᠨ᠎ᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |