ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠪᠦᠭᠦ ᠤᠯᠤᠰ ᠤᠨ ᠡᠮᠡᠭᠲᠡᠶᠢᠴᠦᠳ ᠤᠨ | ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ | ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠬᠦ | ᠴᠢᠬᠤᠯᠠ ᠲᠠᠢ ᠪᠠᠶᠢᠵᠤ᠂ ᠡᠮᠡᠭᠲᠡᠶᠢᠴᠦᠳ ᠤᠨ ᠦᠢᠯᠡᠳᠦᠯ ᠨᠢ ᠣᠷᠣᠯᠠᠭᠤᠯᠵᠤ ᠪᠣᠯᠣᠰᠢ ᠦᠭᠡᠢ ᠶᠤᠮ᠃ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠵᠤ᠂ ᠥᠷᠭᠡᠨ ᠤᠯᠠᠨ ᠡᠮᠡᠭᠲᠡᠶᠢᠴᠦᠳ ᠤᠨ ᠥᠪᠡᠷ ᠢ ᠪᠠᠨ ᠭᠦᠨᠳᠦᠳᠭᠡᠵᠦ ᠢᠲᠡᠭᠡᠯ ᠲᠠᠢ ᠪᠠᠶᠢᠬᠤ᠂ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠬᠤ ᠶᠢ ᠤᠷᠮᠠᠰᠢᠭᠤᠯᠤᠨ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ᠃ | | | 10 ᠰᠠᠷ᠎ᠠ ᠶᠢᠨ 30 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠦᠩ ᠨᠠᠨ ᠬᠠᠢ ᠳᠤ ᠪᠦᠭᠦ | ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ | ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ ᠼᠠᠢ ᠴᠢ ᠬᠠᠮᠲᠤ ᠶᠢᠨ ᠶᠠᠷᠢᠯᠴᠠᠭ᠎ᠠ ᠳᠤ ᠣᠷᠣᠯᠴᠠᠪᠠ᠃ | ᠰᠢ ᠶᠢᠨ ᠫᠢᠩ ᠶᠠᠭᠤᠨ ᠤ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠡᠮᠡᠭᠲᠡᠶᠢᠴᠦᠳ ᠤᠨ ᠠᠵᠢᠯ ᠳᠠᠬᠢ ᠤᠳᠤᠷᠢᠳᠤᠯᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠡᠮᠡᠭᠲᠡᠶᠢᠴᠦᠳ ᠤᠨ | ᠬᠤᠯᠪᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢᠵᠢᠯ ᠤᠨ | ᠰᠢᠰᠲ᠋ᠧᠮ ᠢ ᠲᠠᠰᠤᠷᠠᠯᠳᠡ ᠦᠭᠡᠢ ᠪᠦᠷᠢᠨᠰᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠡᠮᠡᠭᠲᠡᠶᠢᠴᠦᠳ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ | ᠠᠬᠢᠭᠤᠯᠪᠠ᠃ ᠥᠩᠭᠡᠷᠡᠭᠰᠡᠨ 5 ᠵᠢᠯ ᠳᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠲᠥᠯᠥᠨ ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠲᠡᠮᠡᠴᠡᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠲᠡᠶᠢᠨ ᠤ | ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ | ᠰᠢᠨ᠎ᠡ ᠶᠢ ᠡᠭᠦᠳᠦᠨ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠰᠡᠳᠬᠢᠯ | ᠲᠠᠯᠪᠢᠨ ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢᠶᠠᠨ | ᠲᠠᠰᠤᠷᠠᠯᠲᠠ ᠦᠭᠡᠢ ᠳᠡᠭᠡᠭᠰᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠪᠠ᠃ | ᠨᠠᠮ ᠤᠨ ᠲᠥᠪ ᠬᠤᠷᠢᠶ᠎ᠠ ᠠᠴᠠ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢ ᠭᠦᠢᠴᠡᠳ ᠨᠤᠲᠠᠯᠠᠵᠤ᠂ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠴᠢᠩ ᠰᠡᠳᠬᠢᠯ ᠤᠨ ᠬᠦᠰᠡᠯ | ᠨᠠᠶᠢᠳᠠᠯᠭ᠎ᠠ ᠲᠠᠯᠪᠢᠵᠤ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠡᠮᠡᠭᠲᠡᠶᠢᠴᠦᠳ ᠤᠨ ᠦᠢᠯᠡᠰ ᠪᠣᠯᠣᠨ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠵᠥᠪ ᠤᠯᠤᠰ | ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠲᠠᠢ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ ᠬᠡᠷᠡᠭᠲᠡᠢ᠃ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠥᠭᠡᠳ ᠡᠷᠡᠰ ᠪᠠᠲᠤ ᠪᠠᠶᠢᠬᠤ ᠶᠢ | ᠢᠮᠠᠭᠲᠠ ᠪᠠᠲᠤᠯᠠᠵᠤ᠂ ᠮᠠᠨ ᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠤᠯᠤᠰ ᠲᠦᠷᠦ ᠶᠢᠨ ᠰᠢᠨᠵᠢ ᠴᠢᠨᠠᠷ ᠪᠣᠯᠣᠨ | ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ | ᠡᠵᠡᠮᠳᠡᠵᠦ᠂ ᠡᠮᠡᠭᠲᠡᠶᠢᠴᠦᠳ ᠲᠠᠬᠢ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠡᠮᠡᠭᠲᠡᠶᠢᠴᠦᠳ ᠤᠨ | ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠳᠠᠭᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠠᠵᠢᠯ ᠤᠨ ᠬᠦᠴᠦᠯᠡᠴᠡ ᠪᠠᠨ ᠣᠨᠣᠪᠴᠢᠲᠠᠢ | ᠣᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠮᠡᠭᠲᠡᠶᠢᠴᠦᠳ ᠤᠨ | ᠬᠤᠯᠪᠤᠭ᠎ᠠ ᠶᠢᠨ ᠠᠵᠢᠯ ᠤᠨ ᠪᠣᠳᠠᠲᠠᠢ ᠡᠭᠦᠷᠭᠡ ᠪᠣᠯᠭᠠᠨ ᠬᠤᠪᠢᠷᠠᠭᠤᠯᠬᠤ ᠬᠡᠷᠡᠭᠲᠡᠢ᠃ ᠥᠷᠭᠡᠨ ᠣᠯᠠᠨ ᠡᠮᠡᠭᠲᠡᠶᠢᠴᠦᠳ ᠤᠨ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠬᠤ ᠳᠤᠮᠳᠠ ᠲᠣᠰ ᠪᠡᠶ᠎ᠡ ᠶᠢᠨ ᠳᠠᠪᠠᠭᠤᠯᠢᠭ ᠪᠠ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ | ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠡᠷ ᠪᠦᠯᠢ ᠡᠶ᠎ᠡ ᠨᠠᠶᠢᠷᠲᠠᠢ᠂ ᠭᠡᠷ ᠤᠨ ᠬᠥᠮᠦᠵᠢᠯ ᠰᠠᠶᠢᠨ᠂ ᠭᠡᠷ ᠤᠨ ᠰᠤᠷᠲᠠᠯ ᠲᠥᠪ ᠪᠣᠯ ᠦᠷ᠎ᠡ | ᠬᠡᠦᠬᠡᠳ ᠨᠢ ᠰᠠᠶ᠋ᠢ ᠡᠷᠡᠭᠦᠯ ᠢᠶᠠᠷ ᠦᠰᠦᠨ ᠪᠤᠶᠢᠵᠢᠵᠤ᠂ ᠨᠡᠶᠢᠭᠡᠮ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ | ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠨᠢ ᠡᠮᠡᠭᠲᠡᠶᠢᠴᠦᠳ ᠤᠨ ᠲᠣᠰ ᠪᠡᠶ᠎ᠡ ᠶᠢᠨ ᠬᠥᠭᠵᠢᠯᠲᠡ ᠲᠠᠢ | ᠬᠤᠯᠪᠣᠭᠳᠠᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠡᠶ᠎ᠡ ᠵᠣᠬᠢᠴᠠᠯ᠂ ᠨᠡᠶᠢᠭᠡᠮ ᠤᠨ ᠡᠶ᠎ᠡ ᠵᠣᠬᠢᠴᠠᠯ ᠲᠠᠢ | ᠬᠤᠯᠪᠣᠭᠳᠠᠵᠤ᠂ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠲᠠᠪᠰᠢᠯᠳᠠ ᠲᠠᠢ ᠬᠤᠯᠪᠣᠭᠳᠠᠵᠤ ᠪᠠᠶᠢᠳᠠᠭ᠃ | ᠭᠡᠷ ᠤᠨ ᠰᠤᠷᠲᠠᠯ ᠤᠨ ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠡᠮᠡᠭᠲᠡᠶᠢᠴᠦᠳ ᠤᠨ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ | ᠪᠤᠯᠭᠠᠬᠤ ᠲᠠᠯ᠎ᠠ ᠪᠠᠷ ᠬᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠭᠡᠷ ᠪᠦᠯᠢ ᠶᠢᠨ | ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠢᠨ᠎ᠡ ᠭᠡᠯᠪᠡᠷᠢ ᠶᠢᠨ ᠣᠷᠤᠭ ᠦᠷᠡᠵᠢᠯ ᠤᠨ ᠰᠣᠶᠣᠯ ᠢ | ᠢᠳᠡᠪᠬᠢᠲᠡᠢ ᠪᠤᠶᠢᠵᠢᠭᠤᠯᠵᠤ᠂ ᠵᠠᠯᠠᠭᠤᠴᠤᠳ ᠤᠨ ᠢᠨᠠᠭ ᠣᠷᠤᠭ ᠤᠨ ᠦᠵᠡᠯᠲᠡ᠂ ᠦᠷᠡᠵᠢᠯ ᠤᠨ ᠦᠵᠡᠯᠲᠡ᠂ ᠭᠡᠷ | ᠪᠦᠯᠢ ᠶᠢᠨ ᠦᠵᠡᠯᠲᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠷᠡᠵᠢᠯ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠮᠥᠨ ᠠᠮᠠ ᠶᠢᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠬᠥᠮᠥᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠱᠠᠲᠤᠨ ᠤ ᠡᠮᠡᠭᠲᠡᠶᠢᠴᠦᠳ ᠤᠨ | ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠡᠭᠲᠡᠶᠢᠴᠦᠳ | ᠬᠡᠦᠬᠡᠳ ᠤᠨ ᠡᠷᠬᠡ ᠠᠰᠢᠭ ᠢ ᠨᠥᠯᠥᠭᠡᠯᠡᠬᠦ ᠪᠠ ᠬᠤᠬᠢᠷᠠᠭᠤᠯᠬᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ | ᠠᠬᠢᠭᠤᠯᠬᠤ ᠬᠡᠷᠡᠭᠲᠡᠢ᠃ ᠣᠷᠣᠯᠭ᠎ᠠ ᠪᠠᠭᠠᠲᠠᠢ ᠡᠮᠡᠭᠲᠡᠶᠢᠴᠦᠳ᠂ ᠨᠠᠰᠤ ᠠᠬᠢᠭᠰᠠᠨ ᠡᠮᠡᠭᠲᠡᠶᠢᠴᠦᠳ᠂ ᠵᠡᠮᠳᠡᠭ ᠡᠮᠡᠭᠲᠡᠶᠢᠴᠦᠳ | ᠵᠡᠷᠭᠡ ᠬᠦᠴᠢᠷᠳᠡᠯᠲᠡᠢ ᠡᠮᠡᠭᠲᠡᠶᠢᠴᠦᠳ ᠢ ᠬᠠᠯᠠᠮᠵᠢᠯᠠᠨ ᠲᠡᠳᠬᠦᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠨᠡᠭᠦᠳᠡᠯ ᠬᠥᠮᠥᠨ ᠠᠮᠠ ᠶᠢᠨ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ | ᠡᠩ ᠤᠨ ᠦᠶ᠎ᠡ ᠳᠤ ᠬᠢᠵᠦ᠂ ᠦᠷᠭᠦᠯᠵᠢ ᠠᠳᠬᠤᠵᠤ᠂ ᠦᠨᠳᠦᠰᠦᠨ ᠱᠠᠲᠤᠨ ᠳᠤ ᠭᠦᠷᠳᠡᠯ᠎ᠡ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠮᠡᠭᠲᠡᠶᠢᠴᠦᠳ ᠤᠨ ᠬᠤᠯᠪᠤᠭ᠎ᠠ ᠪᠣᠯ ᠨᠠᠮ ᠪᠣᠯᠣᠨ ᠵᠠᠰᠠᠭ ᠤᠨ ᠣᠷᠳᠣᠨ ᠤ ᠡᠮᠡᠭᠲᠡᠶᠢᠴᠦᠳ ᠲᠠᠢ | ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ | ᠴᠢᠨᠠᠷ ᠢ ᠪᠠᠲᠤᠯᠠᠨ ᠴᠢᠩᠭᠠᠳᠬᠠᠬᠤ ᠶᠢᠨ ᠲᠣᠭᠤᠷᠢᠨ ᠳᠤ᠂ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ | ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠲᠠᠯᠪᠢᠬᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ | ᠂ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ | ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠦᠰᠡᠵᠦ ᠰᠠᠨᠠᠵᠤ ᠪᠠᠶᠢᠭ᠎ᠠ ᠪᠠ | ᠡᠮᠡᠭᠲᠡᠶᠢᠴᠦᠳ ᠤᠨ ᠠᠵᠢᠯ ᠤᠨ ᠪᠠᠴᠢᠮ ᠱᠠᠭᠠᠷᠳᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠡᠬᠢ ᠪᠠᠶᠠᠯᠢᠭ ᠪᠠ | ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠨᠡᠩ ᠢᠯᠡᠭᠦᠦ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠢ᠃ ᠰᠢᠨ᠎ᠡ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ | ᠬᠥᠮᠥᠰ ᠵᠡᠷᠭᠡ ᠰᠢᠨ᠎ᠡ ᠬᠦᠷᠢᠶᠡᠨ ᠳᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠲᠦᠷᠦ ᠪᠠᠷᠢᠬᠤ ᠡᠮᠡᠭᠲᠡᠶᠢᠴᠦᠳ ᠤᠨ ᠤᠯᠠᠨ ᠲᠦᠮᠡᠨᠴᠢ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠶᠢᠴᠦᠳ ᠤᠨ ᠬᠤᠯᠪᠤᠭ᠎ᠠ ᠶᠢᠨ | ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠥᠷᠭᠡᠨ ᠤᠯᠠᠨ ᠡᠮᠡᠭᠲᠡᠢ ᠤᠯᠠᠨ ᠲᠦᠮᠡᠨ ᠳᠤ ᠦᠢᠯᠡᠴᠢᠯᠡᠬᠦ᠂ ᠡᠮᠡᠭᠲᠡᠶᠢᠴᠦᠳ ᠤᠨ | ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠡᠮᠡᠭᠲᠡᠶᠢᠴᠦᠳ ᠤᠨ ᠠᠵᠢᠯ ᠢ ᠬᠠᠮᠢᠶᠠᠷᠬᠤ | ᠵᠠᠷᠴᠢᠮ ᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ | ᠲᠤᠭᠤᠰᠢᠯᠠᠭᠤᠯᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ | ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠢᠶᠠᠨ ᠵᠣᠬᠢᠶᠠᠨ ᠪᠠᠶᠢᠭᠤᠯᠤᠨ ᠥᠷᠨᠢᠭᠦᠯᠬᠦ ᠳᠤ ᠳᠡᠮᠵᠢᠯᠭᠡ | ᠬᠠᠩᠭᠠᠵᠤ᠂ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠮᠡᠭᠲᠡᠶᠢᠴᠦᠳ | ᠬᠡᠦᠬᠡᠳ ᠤᠨ ᠠᠵᠢᠯᠯᠠᠬᠤ ᠬᠤᠷᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ | ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠱᠧᠨ ᠢ ᠴᠢᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠢ ᠲᠥᠯᠥᠭᠡᠯᠡᠨ ᠳᠤᠮᠳᠠᠳᠤ | ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠪᠠ | ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠢᠶᠠᠨ ᠬᠠᠷᠢᠭᠤ ᠮᠡᠳᠡᠭᠦᠯᠪᠡ᠃ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠳᠡᠳ᠋ ᠲᠡᠷᠢᠭᠦᠯᠡᠭᠴᠢ ᠬᠤᠸᠠᠩ ᠰᠢᠶᠣᠣ ᠸᠧᠢ᠂ ᠮᠧᠩ ᠮᠠᠨ᠂ ᠸᠠᠩ ᠶᠠ ᠫᠢᠩ ᠦᠭᠡ | ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠥ ᠯᠧᠢ᠂ ᠴᠧᠨ ᠸᠧᠨ ᠴᠢᠩ᠂ ᠯᠢᠦ ᠶᠢᠨ ᠭᠦᠸᠧ ᠶᠠᠷᠢᠯᠴᠠᠯᠭ᠎ᠠ ᠳᠤ | ᠣᠷᠣᠯᠴᠠᠵᠠᠢ᠃ |