ᠳᠡᠳ᠋ ᠰᠢᠶᠠᠨ ᠤ ᠳᠠᠷᠤᠭ᠎ᠠ ᠵᠧᠤ ᠷᠦᠢ ᠵᠢᠶᠦ᠋ᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/11/1
      ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠣᠰᠣᠭᠠᠷ᠂ 10 ᠰᠠᠷ᠎ᠠ ᠶᠢᠨ 31᠎ ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠦ ᠷᠦᠢ ᠵᠢᠶᠦ᠋ᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠳᠤ ᠭᠦᠨᠵᠡᠭᠡᠶᠢᠷᠡᠵᠦ ︽ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠤᠨ ᠲᠣᠭᠤᠷᠢᠨ ᠳᠤ ᠡᠷᠡᠯᠬᠡᠭᠯᠡᠨ ᠲᠡᠮᠡᠴᠡᠵᠦ ᠰᠢᠨ᠎ᠡ ᠵᠢᠳᠬᠦᠯ ᠴᠢᠷᠮᠠᠶᠢᠯᠭ᠎ᠠ ᠲᠠᠢ︾ ᠭᠤᠣᠯ ᠰᠡᠳᠦᠪ ᠤᠨ ᠲᠣᠭᠤᠷᠢᠨ ᠳᠤ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ ᠥᠭᠴᠡᠢ᠃      ᠬᠢᠴᠢᠶᠡᠯ ᠵᠢᠭᠠᠬᠤ ᠶᠠᠪᠤᠴᠠ ᠳᠤ᠂ ᠵᠧᠦ ᠳᠡᠳ᠋ ᠰᠢᠶᠠᠨ ᠤ ᠳᠠᠷᠤᠭ᠎ᠠ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ︾ ᠲᠦᠷᠪᠡᠨ ᠲᠠᠯ᠎ᠠ ᠶᠢᠨ ᠲᠣᠭᠤᠷᠢᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃      ᠵᠧᠤ ᠳᠡᠳ᠋ ᠰᠢᠶᠠᠨ ᠤ ᠳᠠᠷᠤᠭ᠎ᠠ ᠴᠢᠬᠤᠯᠠᠴᠢᠯᠠᠬᠤ ᠳᠠᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠯᠢ ᠣᠯᠠᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠪᠣᠯᠬᠤᠷ ᠠᠵᠢᠯ ᠤᠨ ᠳᠤᠮᠳᠠ ᠪᠠᠨ ᠠᠷᠠᠳ ᠣᠯᠠᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠶᠡᠭᠡ ᠪᠠᠷ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠡᠷᠬᠡ ᠲᠡᠭᠰᠢ ᠪᠠᠷ ᠥᠷᠢᠰᠦᠯᠳᠦᠬᠦ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠢᠨᠠᠨ ᠬᠠᠮᠢᠶᠠᠷᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ︽ᠲᠠᠪᠤᠨ ᠶᠡᠭᠡ ᠠᠵᠤ ᠠᠬᠤᠶ︾᠎ ᠶᠢ ᠬᠦᠴᠦᠯᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤᠮᠳᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠪᠠ ᠡᠭᠦᠷᠭᠡᠯᠡᠯ ᠢ ᠢᠯᠡᠷᠡᠭᠦᠯᠦᠨ᠎ᠡ᠃      ᠵᠧᠤ ᠳᠡᠳ᠋ ᠰᠢᠶᠠᠨ ᠤ ᠳᠠᠷᠤᠭ᠎ᠠ ᠱᠠᠭᠠᠷᠳᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠡᠯ᠎ᠡ ᠪᠦᠷᠢᠯᠳᠦᠬᠦᠨ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠪᠡᠶ᠎ᠡ ᠪᠥᠬᠦ᠋ᠢᠨ᠂ ᠯᠠᠷᠵᠢᠶ᠎ᠠ ᠶᠠᠩᠪᠠ ᠪᠠᠨ ᠬᠠᠶᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠦᠨᠳᠦᠰᠦᠨ ᠱᠠᠲᠤᠨ ᠤ ᠣᠯᠠᠨ ᠲᠦᠮᠡᠨ ᠤ ᠬᠦᠰᠡᠯ ᠡᠷᠡᠮᠡᠯᠵᠡᠯ ᠢ ᠬᠢᠨᠠᠮᠠᠭᠠᠶ ᠰᠣᠨᠣᠰᠴᠤ᠂ ᠦᠨᠡᠨ ᠪᠣᠳᠠᠲᠠᠶ ᠪᠠᠶᠢᠳᠠᠯ ᠪᠠ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠰᠢᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢ᠊ ᠡᠶ᠎ᠡ ᠶᠢᠨ ᠤᠳᠤᠷᠢᠳᠬᠤ ᠪᠠᠭ᠂ ᠡᠯ᠎ᠡ ᠲᠠᠰᠤᠭ ᠤᠨ ᠳᠠᠷᠤᠭ᠎ᠠ᠂ ᠪᠦᠬᠦ ᠺᠠᠳ᠋ᠷ ᠠᠵᠢᠯᠳᠠᠨ ᠠᠵᠢᠯᠴᠢᠨ ᠤ 70 ᠭᠠᠷᠤᠢ ᠬᠥᠮᠦᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠳᠤ ᠣᠷᠣᠯᠴᠠᠪᠠ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3