ᠳᠡᠳ᠋ ᠰᠢᠶᠠᠨ ᠤ ᠳᠠᠷᠤᠭ᠎ᠠ ᠵᠧᠤ ᠷᠦᠢ ᠵᠢᠶᠦ᠋ᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/11/1
      ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠬᠢᠷᠠᠭᠤᠯᠤᠯᠳᠠ ᠶᠣᠰᠣᠭᠠᠷ᠂ 10 ᠰᠠᠷ᠎ᠠ ᠶᠢᠨ 31 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠦ ᠷᠦᠢ ᠵᠢᠶᠦ᠋ᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠳᠤ ᠭᠦᠨᠵᠡᠭᠡᠶᠢᠷᠡᠵᠦ ︽ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠤᠨ ᠲᠣᠭᠤᠷᠢᠨ ᠳᠤ ᠡᠷᠡᠯᠬᠡᠭᠯᠡᠨ ᠲᠡᠮᠡᠴᠡᠵᠦ ᠰᠢᠨ᠎ᠡ ᠵᠢᠳᠬᠦᠯ ᠴᠢᠷᠮᠠᠶᠢᠯᠭ᠎ᠠ ᠲᠠᠢ︾ ᠭᠤᠣᠯ ᠰᠡᠳᠦᠪ ᠤᠨ ᠲᠣᠭᠤᠷᠢᠨ ᠳᠤ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ ᠥᠭᠴᠡᠢ᠃      ᠬᠢᠴᠢᠶᠡᠯ ᠵᠢᠭᠠᠬᠤ ᠶᠠᠪᠤᠴᠠ ᠳᠤ᠂ ᠵᠧᠦ ᠳᠡᠳ᠋ ᠰᠢᠶᠠᠨ ᠤ ᠳᠠᠷᠤᠭ᠎ᠠ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ︾ ᠲᠦᠷᠪᠡᠨ ᠲᠠᠯ᠎ᠠ ᠶᠢᠨ ᠲᠣᠭᠤᠷᠢᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃      ᠵᠧᠤ ᠳᠡᠳ᠋ ᠰᠢᠶᠠᠨ ᠤ ᠳᠠᠷᠤᠭ᠎ᠠ ᠴᠢᠬᠤᠯᠠᠴᠢᠯᠠᠬᠤ ᠳᠠᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠯᠢ ᠣᠯᠠᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠪᠣᠯᠬᠤᠷ ᠠᠵᠢᠯ ᠤᠨ ᠳᠤᠮᠳᠠ ᠪᠠᠨ ᠠᠷᠠᠳ ᠣᠯᠠᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠶᠡᠭᠡ ᠪᠠᠷ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠡᠷᠬᠡ ᠲᠡᠭᠰᠢ ᠪᠠᠷ ᠥᠷᠢᠰᠦᠯᠳᠦᠬᠦ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠢᠨᠠᠨ ᠬᠠᠮᠢᠶᠠᠷᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ︽ᠲᠠᠪᠤᠨ ᠶᠡᠭᠡ ᠠᠵᠤ ᠠᠬᠤᠶ︾ ᠶᠢ ᠬᠦᠴᠦᠯᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤᠮᠳᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠪᠠ ᠡᠭᠦᠷᠭᠡᠯᠡᠯ ᠢ ᠢᠯᠡᠷᠡᠭᠦᠯᠦᠨ᠎ᠡ᠃      ᠵᠧᠤ ᠳᠡᠳ᠋ ᠰᠢᠶᠠᠨ ᠤ ᠳᠠᠷᠤᠭ᠎ᠠ ᠱᠠᠭᠠᠷᠳᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠡᠯ᠎ᠡ ᠪᠦᠷᠢᠯᠳᠦᠬᠦᠨ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠪᠡᠶ᠎ᠡ ᠪᠥᠬᠦ᠋ᠢᠨ᠂ ᠯᠠᠷᠵᠢᠶ᠎ᠠ ᠶᠠᠩᠪᠠ ᠪᠠᠨ ᠬᠠᠶᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠦᠨᠳᠦᠰᠦᠨ ᠱᠠᠲᠤᠨ ᠤ ᠣᠯᠠᠨ ᠲᠦᠮᠡᠨ ᠤ ᠬᠦᠰᠡᠯ ᠡᠷᠡᠮᠡᠯᠵᠡᠯ ᠢ ᠬᠢᠨᠠᠮᠠᠭᠠᠶ ᠰᠣᠨᠣᠰᠴᠤ᠂ ᠦᠨᠡᠨ ᠪᠣᠳᠠᠲᠠᠶ ᠪᠠᠶᠢᠳᠠᠯ ᠪᠠ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠡᠵᠡᠮᠰᠢᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢ᠊ ᠡᠶ᠎ᠡ ᠶᠢᠨ ᠤᠳᠤᠷᠢᠳᠬᠤ ᠪᠠᠭ᠂ ᠡᠯ᠎ᠡ ᠲᠠᠰᠤᠭ ᠤᠨ ᠳᠠᠷᠤᠭ᠎ᠠ᠂ ᠪᠦᠬᠦ ᠺᠠᠳ᠋ᠷ ᠠᠵᠢᠯᠳᠠᠨ ᠠᠵᠢᠯᠴᠢᠨ ᠤ 70 ᠭᠠᠷᠤᠢ ᠬᠥᠮᠦᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠳᠤ ᠣᠷᠣᠯᠴᠠᠪᠠ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3