ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠣᠩᠭᠤᠨ ᠲᠣᠬᠢᠷᠠᠭᠤᠯᠬᠤ ᠨᠡᠭᠦᠷᠡᠰᠦᠨ ᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/11/10
      ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠥᠪᠥᠷ ᠮᠣᠩᠭᠤᠯ ᠤᠨ ᠮᠧᠶ ᠱᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠰᠣᠩᠭᠤᠨ ᠲᠣᠬᠢᠷᠠᠭᠤᠯᠬᠤ ᠲᠥᠷᠥᠯ ᠵᠦᠢᠯ︾᠎ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠭᠦᠢᠴᠡᠳ ᠣᠶᠢᠯᠠᠭᠠᠬᠤ ᠶᠢᠨ ᠲᠥᠯᠥᠭᠡ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠡᠩ ᠰᠠᠶᠢᠨ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠤᠨ ᠢ ᠬᠠᠮᠠᠭᠠᠯᠠᠬᠤ ᠠᠵᠢᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2021 ︺ 7 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠡᠳᠦᠭᠡ ᠡᠨᠡᠬᠦ ᠵᠣᠷᠢᠯᠭ᠎ᠠ ᠶᠢᠨ ᠦᠨᠳᠦᠰᠦᠨ ᠪᠠᠶᠢᠳᠠᠯ ᠵᠢᠴᠢ ᠬᠤᠯᠪᠣᠭᠳᠠᠬᠤ ᠠᠭᠤᠯᠭ᠎ᠠ ᠶᠢ ᠢᠯᠡ ᠨᠡᠶᠢᠲᠡᠯᠡᠬᠦ ᠶᠢᠨ ᠬᠠᠮᠲᠤ ᠤᠯᠠᠨ ᠲᠦᠮᠡᠨ ᠤ ᠰᠠᠨᠠᠯ ᠢ ᠰᠣᠨᠣᠰᠤᠶ᠎ᠠ᠃      ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ      1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ  ᠵᠦᠢᠯ᠃      2. ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃      3. ᠪᠥᠲᠥᠭᠡᠨ ᠪᠠᠶᠢᠭᠤᠯᠬᠤ ᠭᠠᠵᠠᠷ᠄ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ  ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠾᠧᠩ ᠰᠢᠩ ᠳ᠋ᠡ 21 ᠳ᠋ᠦᠭᠡᠷ ᠨᠣᠮᠧᠷᠲᠤ ᠨᠡᠭᠦᠷᠡᠰᠦᠨ ᠤ  ᠦᠢᠯᠡᠳᠪᠦᠷᠢ᠃      4. ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ 40 ᠲᠦᠮᠡᠨ ᠲᠣᠨ ᠨᠡᠭᠦᠷᠡᠰᠦ ᠬᠤᠪᠢᠶᠠᠨ ᠨᠥᠭᠡᠴᠡᠯᠡᠬᠦ ᠶᠢ ᠰᠣᠩᠭᠤᠨ᠎ᠠ᠃      5. ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ᠄ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1758.20 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠤᠨ᠎ᠠ᠃      6 . ᠪᠥᠳᠥᠭᠡᠨ ᠪᠠᠶᠢᠭᠤᠯᠬᠤ ᠬᠤᠭᠤᠴᠠᠭ᠎ᠠ᠄ ᠲᠤᠰ ᠲᠥᠷᠥᠯ ᠵᠦᠢᠯ  ᠤᠨ ᠪᠥᠳᠥᠭᠡᠨ ᠪᠠᠶᠢᠭᠤᠯᠬᠤ ᠬᠤᠭᠤᠴᠠᠭ᠎ᠠ ᠨᠢ 2 ᠵᠢᠯ᠃      ᠬᠤᠶᠠᠷ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠪᠠᠶᠢᠴᠠᠭᠠᠯᠲᠠ ᠶᠢᠨ ᠭᠤᠤᠯ ᠠᠷᠭ᠎ᠠ ᠮᠠᠶ᠋ᠢᠭ      1. ᠢᠯᠡ ᠨᠡᠶᠢᠲᠡᠯᠡᠬᠦ ᠶᠢ ᠨᠡᠶᠢᠲᠡᠯᠡᠵᠦ᠂ ᠨᠡᠶᠢᠭᠡᠮ ᠪᠣᠯᠤᠨ ᠢᠨᠵᠧᠨᠧᠷᠢᠩ ᠢ ᠬᠡᠷᠡᠭᠵᠢᠭᠦᠯᠬᠦ ᠣᠷᠣᠨ ᠪᠦᠰᠡ ᠳᠤ ᠨᠠᠭᠠᠵᠤ ᠢᠯᠡ ᠨᠡᠶᠢᠲᠡᠯᠡᠬᠦ᠂ ᠵᠠᠷᠯᠠᠨ ᠨᠡᠶᠢᠲᠡᠯᠡᠨ᠎ᠡ᠃      2 . ᠤᠯᠠᠨ ᠲᠦᠮᠡᠨ ᠢ ᠰᠤᠷᠪᠤᠯᠵᠢᠯᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠣᠨ ᠪᠦᠰᠡ ᠶᠢᠨ ᠣᠯᠠᠨ ᠲᠦᠮᠡᠨ ᠢ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠲᠠᠷᠬᠠᠭᠠᠬᠤ᠂ ᠬᠠᠯᠠᠭᠤᠨ ᠤᠲᠠᠰᠤ ᠪᠠ ᠡᠯᠧᠺᠲᠷᠣᠨ ᠵᠠᠬᠢᠳᠠᠯ ᠤᠨ ᠬᠠᠶᠢᠷᠴᠠᠭ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢ ᠭᠦᠨᠵᠡᠭᠡᠶ ᠣᠶᠢᠯᠠᠭᠠᠵᠤ᠂ ᠥᠷᠭᠡᠨ ᠢᠶᠠᠷ ᠰᠠᠨᠠᠯ ᠬᠤᠷᠢᠶᠠᠬᠤ ᠬᠡᠷᠡᠭᠲᠡᠶ︔      3. ᠤᠯᠠᠨ ᠲᠦᠮᠡᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠤᠰ ᠪᠠᠷᠢᠯᠭ᠎ᠠ ᠶᠢᠨ ᠵᠦᠢᠯᠡᠰ ᠲᠠᠢ ᠰᠢᠭᠤᠳ ᠠᠰᠢᠭ ᠲᠤᠰᠠ ᠶᠢᠨ ᠬᠠᠷᠢᠴᠠᠭ᠎ᠠ ᠲᠠᠢ ᠤᠯᠠᠨ ᠲᠦᠮᠡᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠨ᠎ᠠ᠃    ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ      1. ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠭᠤᠤᠯ ᠲᠦᠭᠰᠢᠭᠦᠷᠢ︔      2. ᠲᠤᠰ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠦᠢᠯᠡᠳᠦᠯ︔      3. ᠲᠤᠰ ᠲᠦᠷᠦᠯ ᠵᠦᠢᠯ ᠨᠢ ᠤᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ ᠱᠠᠭᠠᠷᠳᠠᠯᠭ᠎ᠠ ᠲᠠᠢ ᠪᠠᠶᠢᠬᠤ︔      4. ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠢ ᠠᠪᠬᠤ︔᡽      5. ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ᠃      ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ      ᠶᠠᠮᠠᠷᠪᠠ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠰ ᠨᠡᠶᠢᠲᠡ ᠳᠤ ᠵᠠᠷᠯᠠᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠲᠠᠢ ᠪᠠᠶᠢᠬᠤ ᠲᠤᠬᠠᠶ ᠰᠠᠨᠠᠭᠤᠯᠭ᠎ᠠ ᠪᠤᠶᠤ ᠰᠠᠨᠠᠯ ᠢᠶᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠴᠡ ᠪᠠ ᠲᠣᠰ ᠤᠳᠠᠭᠠᠨ ᠤ ᠦᠨᠡᠯᠡᠨ ᠵᠢᠱᠢᠬᠦ ᠺᠣᠮᠫᠠᠨᠢ ᠳᠤ ᠳᠤᠷᠠᠳᠬᠤ ᠶᠢ ᠪᠠᠶᠠᠷᠯᠠᠨ ᠤᠭᠲᠤᠨ᠎ᠠ᠂ ᠪᠢᠴᠢᠭ ᠤᠨ ᠬᠡᠯᠪᠡᠷᠢ ᠶᠢᠨ ᠰᠠᠨᠠᠯ ᠢᠶᠠᠨ ᠲᠤᠬᠠᠶ ᠶᠢᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠠᠯᠪᠠᠨ ᠬᠡᠷ ᠲᠤ ᠠᠰ ᠲᠤᠨᠢ ᠬᠠᠭᠤᠯᠤᠨ ᠬᠦᠷᠭᠡᠭᠰᠡᠨ ᠴᠦ ᠪᠣᠯᠤᠨ᠎ᠠ᠃      ᠲᠠᠪᠤ᠂ ᠬᠠᠷᠢᠯᠴᠠᠬᠤ ᠬᠥᠮᠦᠨ ᠵᠢᠴᠢ ᠢᠯᠡ ᠨᠡᠶᠢᠲᠡᠯᠡᠬᠦ ᠴᠠᠭ᠄      ᠪᠥᠲᠥᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃      ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠺᠣᠮᠫᠠᠨᠢ᠄ ᠥᠪᠥᠷ ᠮᠣᠩᠭᠤᠯ ᠤᠨ ᠭᠤᠸᠠᠨ ᠬᠤᠸᠠ ᠲᠥᠯᠥᠪᠵᠢᠭᠦᠯᠭᠡ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠵᠣᠣ ᠷᠦᠩ   ᠬᠠᠷᠢᠯᠴᠠᠬᠤ ᠤᠲᠠᠰᠤ᠄ 15148099076                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3