ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠥᠪᠥᠷ ᠮᠣᠩᠭᠤᠯ ᠤᠨ ᠮᠧᠶ ᠱᠠ ᠠᠷᠠᠯᠵᠢᠶ᠎ᠠ ᠬᠤᠳᠠᠯᠳᠤᠭᠠᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠰᠣᠩᠭᠤᠨ ᠲᠣᠬᠢᠷᠠᠭᠤᠯᠬᠤ ᠲᠥᠷᠥᠯ ᠵᠦᠢᠯ︾ ᠤᠨ | ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ | ᠭᠦᠢᠴᠡᠳ ᠣᠶᠢᠯᠠᠭᠠᠬᠤ ᠶᠢᠨ ᠲᠥᠯᠥᠭᠡ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠢ ᠨᠡᠩ ᠰᠠᠶᠢᠨ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠲᠠᠭᠤᠨ ᠢ ᠬᠠᠮᠠᠭᠠᠯᠠᠬᠤ ᠠᠵᠢᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ | ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹ | 2016 ︺ 1 ᠳ᠋ᠦᠭᠡᠷ ᠲᠣᠭᠠᠲᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠢᠳᠪᠦᠷᠢᠳᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢᠨ | ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹ 2021 ︺ 7 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠡᠳᠦᠭᠡ ᠡᠨᠡᠬᠦ ᠵᠣᠷᠢᠯᠭ᠎ᠠ ᠶᠢᠨ ᠦᠨᠳᠦᠰᠦᠨ | ᠪᠠᠶᠢᠳᠠᠯ ᠵᠢᠴᠢ ᠬᠤᠯᠪᠣᠭᠳᠠᠬᠤ ᠠᠭᠤᠯᠭ᠎ᠠ ᠶᠢ ᠢᠯᠡ ᠨᠡᠶᠢᠲᠡᠯᠡᠬᠦ ᠶᠢᠨ ᠬᠠᠮᠲᠤ ᠤᠯᠠᠨ ᠲᠦᠮᠡᠨ ᠤ ᠰᠠᠨᠠᠯ ᠢ | ᠰᠣᠨᠣᠰᠤᠶ᠎ᠠ᠃ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶ᠎ᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦ ᠰᠣᠩᠭᠤᠨ ᠳᠣᠭᠢᠷᠠᠭᠤᠯᠬᠤ ᠲᠥᠷᠥᠯ ᠵᠦᠢᠯ᠃ | 2. ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ | ᠠᠷᠠᠯᠵᠢᠶ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ | 3. ᠪᠥᠲᠥᠭᠡᠨ ᠪᠠᠶᠢᠭᠤᠯᠬᠤ ᠭᠠᠵᠠᠷ᠄ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠬᠦᠷᠢᠶᠡᠯᠡᠩ ᠾᠧᠩ ᠰᠢᠩ ᠳ᠋ᠡ 21 ᠳ᠋ᠦᠭᠡᠷ ᠨᠣᠮᠧᠷᠲᠤ ᠨᠡᠭᠦᠷᠡᠰᠦᠨ ᠤ ᠦᠢᠯᠡᠳᠪᠦᠷᠢ᠃ | 4. ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ 40 ᠲᠦᠮᠡᠨ ᠲᠣᠨ ᠨᠡᠭᠦᠷᠡᠰᠦ ᠬᠤᠪᠢᠶᠠᠨ ᠨᠥᠭᠡᠴᠡᠯᠡᠬᠦ ᠶᠢ | ᠰᠣᠩᠭᠤᠨ᠎ᠠ᠃ | 5. ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ᠄ ᠲᠣᠰ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ 1758.20 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠠᠵᠤ | ᠠᠬᠤᠶᠢᠯᠠᠯ ᠤᠨ ᠥᠪᠡᠷ ᠢᠶᠠᠨ ᠴᠤᠭᠯᠠᠭᠤᠯᠤᠨ᠎ᠠ᠃ | 6 . ᠪᠥᠳᠥᠭᠡᠨ ᠪᠠᠶᠢᠭᠤᠯᠬᠤ ᠬᠤᠭᠤᠴᠠᠭ᠎ᠠ᠄ ᠲᠤᠰ ᠲᠥᠷᠥᠯ ᠵᠦᠢᠯ ᠤᠨ ᠪᠥᠳᠥᠭᠡᠨ ᠪᠠᠶᠢᠭᠤᠯᠬᠤ | ᠬᠤᠭᠤᠴᠠᠭ᠎ᠠ ᠨᠢ 2 ᠵᠢᠯ᠃ | ᠬᠤᠶᠠᠷ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠪᠠᠶᠢᠴᠠᠭᠠᠯᠲᠠ ᠶᠢᠨ ᠭᠤᠤᠯ ᠠᠷᠭ᠎ᠠ ᠮᠠᠶ᠋ᠢᠭ | 1. ᠢᠯᠡ ᠨᠡᠶᠢᠲᠡᠯᠡᠬᠦ ᠶᠢ ᠨᠡᠶᠢᠲᠡᠯᠡᠵᠦ᠂ ᠨᠡᠶᠢᠭᠡᠮ ᠪᠣᠯᠤᠨ ᠢᠨᠵᠧᠨᠧᠷᠢᠩ ᠢ ᠬᠡᠷᠡᠭᠵᠢᠭᠦᠯᠬᠦ ᠣᠷᠣᠨ | ᠪᠦᠰᠡ ᠳᠤ ᠨᠠᠭᠠᠵᠤ ᠢᠯᠡ ᠨᠡᠶᠢᠲᠡᠯᠡᠬᠦ᠂ ᠵᠠᠷᠯᠠᠨ ᠨᠡᠶᠢᠲᠡᠯᠡᠨ᠎ᠡ᠃ | 2 . ᠤᠯᠠᠨ ᠲᠦᠮᠡᠨ ᠢ ᠰᠤᠷᠪᠤᠯᠵᠢᠯᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ | ᠬᠦᠰᠦᠨᠦᠭᠲᠦ ᠶᠢ ᠲᠠᠭᠯᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠣᠨ ᠪᠦᠰᠡ ᠶᠢᠨ ᠣᠯᠠᠨ | ᠲᠦᠮᠡᠨ ᠢ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠲᠠᠷᠬᠠᠭᠠᠬᠤ᠂ ᠬᠠᠯᠠᠭᠤᠨ ᠤᠲᠠᠰᠤ | ᠪᠠ ᠡᠯᠧᠺᠲᠷᠣᠨ ᠵᠠᠬᠢᠳᠠᠯ ᠤᠨ ᠬᠠᠶᠢᠷᠴᠠᠭ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢ ᠭᠦᠨᠵᠡᠭᠡᠶ ᠣᠶᠢᠯᠠᠭᠠᠵᠤ᠂ | ᠥᠷᠭᠡᠨ ᠢᠶᠠᠷ ᠰᠠᠨᠠᠯ ᠬᠤᠷᠢᠶᠠᠬᠤ ᠬᠡᠷᠡᠭᠲᠡᠶ︔ | 3. ᠤᠯᠠᠨ ᠲᠦᠮᠡᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠤᠰ ᠪᠠᠷᠢᠯᠭ᠎ᠠ ᠶᠢᠨ ᠵᠦᠢᠯᠡᠰ ᠲᠠᠢ | ᠰᠢᠭᠤᠳ ᠠᠰᠢᠭ ᠲᠤᠰᠠ ᠶᠢᠨ ᠬᠠᠷᠢᠴᠠᠭ᠎ᠠ ᠲᠠᠢ ᠤᠯᠠᠨ ᠲᠦᠮᠡᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠰᠠᠨᠠᠯ ᠢ ᠬᠤᠷᠢᠶᠠᠨ᠎ᠠ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ | 1. ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠨᠡᠶᠢᠭᠡᠮ ᠤᠨ | ᠲᠣᠭᠲᠠᠭᠤᠨ ᠢ ᠨᠥᠯᠥᠭᠡᠯᠡᠬᠦ ᠭᠤᠤᠯ ᠲᠦᠭᠰᠢᠭᠦᠷᠢ︔ | 2. ᠲᠤᠰ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠠᠵᠤ ᠠᠬᠤᠶ ᠶᠢᠨ | ᠬᠥᠭᠵᠢᠯᠲᠡ ᠳᠤ ᠦᠵᠡᠭᠦᠯᠬᠦ ᠦᠢᠯᠡᠳᠦᠯ︔ | 3. ᠲᠤᠰ ᠲᠦᠷᠦᠯ ᠵᠦᠢᠯ ᠨᠢ ᠤᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ | ᠱᠠᠭᠠᠷᠳᠠᠯᠭ᠎ᠠ ᠲᠠᠢ ᠪᠠᠶᠢᠬᠤ︔ | 4. ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠢ ᠠᠪᠬᠤ︔ | 5. ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ᠃ | ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ | ᠶᠠᠮᠠᠷᠪᠠ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠰ | ᠨᠡᠶᠢᠲᠡ ᠳᠤ ᠵᠠᠷᠯᠠᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠲᠠᠢ ᠪᠠᠶᠢᠬᠤ ᠲᠤᠬᠠᠶ | ᠰᠠᠨᠠᠭᠤᠯᠭ᠎ᠠ ᠪᠤᠶᠤ ᠰᠠᠨᠠᠯ ᠢᠶᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠴᠡ ᠪᠠ ᠲᠣᠰ | ᠤᠳᠠᠭᠠᠨ ᠤ ᠦᠨᠡᠯᠡᠨ ᠵᠢᠱᠢᠬᠦ ᠺᠣᠮᠫᠠᠨᠢ ᠳᠤ ᠳᠤᠷᠠᠳᠬᠤ ᠶᠢ ᠪᠠᠶᠠᠷᠯᠠᠨ ᠤᠭᠲᠤᠨ᠎ᠠ᠂ ᠪᠢᠴᠢᠭ ᠤᠨ ᠬᠡᠯᠪᠡᠷᠢ ᠶᠢᠨ | ᠰᠠᠨᠠᠯ ᠢᠶᠠᠨ ᠲᠤᠬᠠᠶ ᠶᠢᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠠᠯᠪᠠᠨ ᠬᠡᠷ ᠲᠤ | ᠠᠰ ᠲᠤᠨᠢ ᠬᠠᠭᠤᠯᠤᠨ ᠬᠦᠷᠭᠡᠭᠰᠡᠨ ᠴᠦ ᠪᠣᠯᠤᠨ᠎ᠠ᠃ | ᠲᠠᠪᠤ᠂ ᠬᠠᠷᠢᠯᠴᠠᠬᠤ ᠬᠥᠮᠦᠨ ᠵᠢᠴᠢ ᠢᠯᠡ ᠨᠡᠶᠢᠲᠡᠯᠡᠬᠦ ᠴᠠᠭ᠄ | ᠪᠥᠲᠥᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠮᠧᠶ ᠱᠠ ᠬᠤᠳᠠᠯᠳᠤᠭ᠎ᠠ ᠠᠷᠠᠯᠵᠢᠶ᠎ᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ | ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠺᠣᠮᠫᠠᠨᠢ᠄ ᠥᠪᠥᠷ ᠮᠣᠩᠭᠤᠯ ᠤᠨ ᠭᠤᠸᠠᠨ ᠬᠤᠸᠠ | ᠲᠥᠯᠥᠪᠵᠢᠭᠦᠯᠭᠡ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ | ᠬᠠᠷᠢᠯᠴᠠᠬᠤ ᠬᠥᠮᠦᠨ᠄ ᠵᠣᠣ ᠷᠦᠩ ᠬᠠᠷᠢᠯᠴᠠᠬᠤ ᠤᠲᠠᠰᠤ᠄ 15148099076 | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |