ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠤᠰᠠᠳᠠ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠪᠥᠬᠦ ᠨᠡᠶᠢᠭᠡᠮ ᠢ ᠤᠯᠠᠮ ᠨᠢᠭᠡ ᠠᠯᠬᠤᠮ ᠳᠠᠶᠢᠴᠢᠯᠠᠨ | ᠡᠮᠡᠭᠲᠡᠶᠢᠴᠦᠳ ᠬᠡᠤᠬᠡᠳ ᠤᠨ ᠠᠵᠢᠯ ᠦᠶ᠋ᠯᠡᠰ ᠢ ᠨᠠᠩ ᠬᠠᠯᠠᠮᠵᠢᠯᠠᠨ ᠳᠡᠮᠵᠢᠵᠦ᠂ ᠡᠮᠡᠭᠲᠡᠶᠢᠴᠦᠳ ᠬᠡᠤᠬᠡᠳ ᠤᠨ | ᠠᠵᠢᠯ ᠤᠶᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠥᠯᠭᠢᠨ ᠠᠬᠢᠭᠤᠯᠤᠨ᠎ᠠ᠃ 11 ᠰᠠᠷ᠎ᠠ ᠶᠢᠨ 10 ᠤ | ᠡᠳᠦᠷ᠂ ᠰᠢᠩ ᠡᡁᠧ ᠰᠢᠶᠠᠨ 2023 ᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦᠳᠡ | ᠬᠤᠷᠠᠯ ᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠬᠤᠷᠠᠯ ᠳᠤ | ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ | ᠴᠢᠬᠤᠯᠠ ᠥᠭᠦᠯᠡᠯᠲᠡ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠳᠠᠬᠢ ᠮᠠᠨ ᠤ ᠰᠢᠶᠠᠨ ᠤ | ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠣᠯᠤᠨ ᠲᠤᠷᠰᠢᠯᠭ᠎ᠠ ᠶᠢ ᠳ᠋ᠦᠩᠨᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠮᠡᠭᠲᠡᠶᠢᠴᠦᠳ ᠬᠡᠦᠬᠡᠳ ᠪᠣᠯ ᠤᠯᠤᠰ ᠤᠨ ᠬᠥᠭᠵᠢᠯᠲᠡ ᠪᠣᠯᠤᠨ | ᠨᠡᠶᠢᠭᠡᠮ ᠤᠨ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠮᠥᠨ᠂ ᠡᠮᠡᠭᠲᠡᠶᠢᠴᠦᠳ ᠬᠡᠦᠬᠡᠳ ᠤᠨ ᠦᠢᠯᠡᠰ ᠨᠢ | ᠤᠯᠤᠰ ᠪᠣᠯᠤᠨ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠨ᠎ᠠ᠃ ᠭᠤᠣᠯᠳᠠᠯᠭ᠎ᠠ ᠶᠢ ᠳᠤᠪᠤᠶᠢᠯᠭᠠᠵᠤ᠂ ᠨᠡᠩ | ᠪᠣᠳᠠᠲᠠᠢ ᠠᠷᠭ᠎ᠠ ᠬᠡᠮᠵᠢᠶ᠎ᠡ ᠪᠠᠷ ︽ᠬᠤᠶᠠᠷ ᠲᠣᠭᠲᠠᠭᠠᠯ︾ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷᠠᠬᠢ ᠡᠮᠡᠭᠲᠡᠶᠢᠴᠦᠳ ᠬᠡᠦᠬᠡᠳ ᠤᠨ ᠠᠵᠢᠯ ᠢ | ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠮᠡᠭᠲᠡᠶᠢᠴᠦᠳ | ᠬᠡᠦᠬᠡᠳ ᠤᠨ ᠦᠢᠯᠡᠰ ᠤᠨ ᠬᠥᠭᠵᠢᠯᠲᠡ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠦᠷᠭᠦᠯᠵᠢᠯᠡᠨ | ᠪᠤᠢ ᠪᠣᠯᠭᠠᠵᠤ᠂ ᠮᠠᠨ ᠤ ᠰᠢᠶᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠬᠤᠷᠠᠯ ᠠᠴᠠ ᠪᠠᠰᠠ ᠪᠦᠬᠦ ᠰᠢᠶᠠᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ | ᠬᠡᠷᠡᠭᠵᠢᠭᠦᠯᠦᠭᠰᠡᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ︔ ᠪᠦᠬᠦ ᠰᠢᠶᠠᠨ ᠤ ᠡᠮᠡᠭᠲᠡᠶᠢᠴᠦᠳ | ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠢᠯᠢᠳᠡᠭ ᠬᠤᠯᠪᠣᠭᠠᠴᠢᠨ ᠢ ᠬᠡᠷᠡᠭᠵᠢᠭᠦᠯᠦᠨ᠎ᠡ︔ ᠰᠢᠨ᠎ᠡ ︽ | ᠬᠤᠶᠠᠷ ᠲᠣᠭᠲᠠᠭᠠᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠰᠢᠯᠢᠳᠡᠭ ᠬᠢᠨᠠᠨ ᠲᠣᠭᠲᠠᠭᠠᠬᠤ ᠠᠵᠢᠯᠲᠠᠨ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |