ᠰᠢᠩ ᠾᠧ ᠰᠢᠶᠠᠨ 2023 ᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/13
     ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠤᠰᠠᠳᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠪᠥᠬᠦ ᠨᠡᠶᠢᠭᠡᠮ ᠢ ᠤᠯᠠᠮ ᠨᠢᠭᠡ ᠠᠯᠬᠤᠮ ᠳᠠᠶᠢᠴᠢᠯᠠᠨ ᠡᠮᠡᠭᠲᠡᠶᠢᠴᠦᠳ ᠬᠡᠤᠬᠡᠳ ᠤᠨ ᠠᠵᠢᠯ ᠦᠶ᠋ᠯᠡᠰ ᠢ ᠨᠠᠩ ᠬᠠᠯᠠᠮᠵᠢᠯᠠᠨ ᠳᠡᠮᠵᠢᠵᠦ᠂ ᠡᠮᠡᠭᠲᠡᠶᠢᠴᠦᠳ ᠬᠡᠤᠬᠡᠳ ᠤᠨ ᠠᠵᠢᠯ ᠤᠶᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠳᠥᠯᠭᠢᠨ ᠠᠬᠢᠭᠤᠯᠤᠨ᠎ᠠ᠃ 11 ᠰᠠᠷ᠎ᠠ ᠶᠢᠨ 10 ᠤ ᠡᠳᠦᠷ᠂ ᠰᠢᠩ ᠡᡁᠧ ᠰᠢᠶᠠᠨ 2023 ᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦᠳᠡ ᠬᠤᠷᠠᠯ ᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠳᠠᠬᠢ ᠮᠠᠨ ᠤ ᠰᠢᠶᠠᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠣᠯᠤᠨ ᠲᠤᠷᠰᠢᠯᠭ᠎ᠠ ᠶᠢ ᠳ᠋ᠦᠩᠨᠡᠵᠡᠢ᠃    ᠬᠤᠷᠠᠯ ᠠᠴᠠ  ᠵᠢᠭᠠᠵᠤ ᠭᠠᠷᠭᠠᠭᠰᠠᠨ ᠨᠢ᠂ ᠡᠮᠡᠭᠲᠡᠶᠢᠴᠦᠳ ᠬᠡᠦᠬᠡᠳ ᠪᠣᠯ ᠤᠯᠤᠰ ᠤᠨ ᠬᠥᠭᠵᠢᠯᠲᠡ ᠪᠣᠯᠤᠨ ᠨᠡᠶᠢᠭᠡᠮ ᠤᠨ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠮᠥᠨ᠂ ᠡᠮᠡᠭᠲᠡᠶᠢᠴᠦᠳ ᠬᠡᠦᠬᠡᠳ ᠤᠨ ᠦᠢᠯᠡᠰ ᠨᠢ ᠤᠯᠤᠰ ᠪᠣᠯᠤᠨ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠨ᠎ᠠ᠃ ᠭᠤᠣᠯᠳᠠᠯᠭ᠎ᠠ ᠶᠢ ᠳᠤᠪᠤᠶᠢᠯᠭᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠬᠤᠶᠠᠷ ᠲᠣᠭᠲᠠᠭᠠᠯ︾ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷᠠᠬᠢ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠬᠡᠦᠬᠡᠳ ᠤᠨ ᠠᠵᠢᠯ ᠢ ᠰᠠᠶᠢᠲᠤᠷ ᠬᠢᠬᠦ ᠰᠢᠨ᠎ᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠮᠠᠨ ᠤ ᠰᠢᠶᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠦᠬᠦ ᠰᠢᠶᠠᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ︔ ᠪᠦᠬᠦ ᠰᠢᠶᠠᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠢᠯᠢᠳᠡᠭ ᠬᠤᠯᠪᠣᠭᠠᠴᠢᠨ ᠢ ᠬᠡᠷᠡᠭᠵᠢᠭᠦᠯᠦᠨ᠎ᠡ︔ ᠰᠢᠨ᠎ᠡ ︽ᠬᠤᠶᠠᠷ ᠲᠣᠭᠲᠠᠭᠠᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠰᠢᠯᠢᠳᠡᠭ ᠬᠢᠨᠠᠨ ᠲᠣᠭᠲᠠᠭᠠᠬᠤ ᠠᠵᠢᠯᠲᠠᠨ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3