ᠬᠤᠸᠠᠩᠲᠤ ᠲᠣᠰᠬᠤᠨ ︽ᠦᠨᠳᠦᠰᠦᠨ ᠱᠠᠲᠤᠨ ᠳᠤ ᠭᠦᠨᠵᠡᠭᠡᠶᠢᠷᠡᠵᠦ ᠪᠣᠳᠠᠲᠠᠢ ᠶᠠᠪᠤᠳᠠᠯ ᠬᠢᠵᠦ ᠰᠤᠷᠪᠤᠯᠵᠢᠯᠠᠨ ᠲᠣᠬᠤᠨᠢᠭᠤᠯᠵᠤ ᠠᠷᠠᠳ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/13
     ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠤᠨ ᠬᠤᠸᠠᠩᠲᠤ ᠲᠣᠰᠬᠤᠨ ᠤ ᠬᠤᠯᠪᠣᠭ᠎ᠠ ᠠᠪᠬᠤ ᠦᠷᠳᠡᠭᠡ ᠶᠢᠨ ᠲᠥᠯᠥᠭᠡᠯᠡᠭᠴᠢ ᠶᠢ ᠰᠠᠶᠢᠲᠤᠷ ᠪᠠᠷᠢᠮᠲᠠᠯᠠᠨ ᠰᠠᠶᠢᠲᠤᠷ ᠬᠥᠭᠵᠢᠭᠦᠯᠬᠦ ᠶᠢᠨ ᠲᠥᠯᠥᠭᠡ᠂ ᠬᠤᠸᠠᠩᠲᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠵᠢᠴᠢ ᠦᠨᠳᠦᠰᠦᠲᠡᠨ ᠤ ᠪᠦᠯᠬᠦᠮᠳᠡᠯ ᠰᠢᠶᠠᠩ ᠤᠨ ᠨᠡᠶᠢᠭᠡᠮ ᠤᠨ ᠠᠵᠢᠯ ᠤᠨ ᠦᠷᠳᠡᠭᠡ ᠶᠢᠨ ᠠᠵᠢᠯᠲᠠᠳ ᠠᠵᠢᠯ ᠤᠨ ᠠᠭᠤᠯᠭ᠎ᠠ ᠵᠢᠴᠢ ᠲᠤᠬᠢᠷᠠᠭᠤᠯᠤᠯᠳᠠ ᠶᠢ ᠢᠳᠡᠪᠬᠢᠲᠡᠢ ᠨᠡᠶᠢᠳᠬᠡᠬᠦ ᠶᠢᠨ ᠲᠥᠯᠥᠭᠡ᠂ ᠤᠢᠢᠷ᠎ᠠ ᠶᠢᠨ ᠡᠳᠦᠷ ︽ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠲᠤ ᠶᠠᠪᠤᠳᠠᠯ ᠬᠢᠵᠦ ᠰᠤᠷᠪᠤᠯᠵᠢᠯᠠᠨ ᠲᠣᠬᠤᠨᠢᠭᠤᠯᠵᠤ ᠠᠷᠠᠳ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭ᠎ᠠ ᠶᠢᠨ ᠨᠢᠭᠡᠳᠦᠭᠡᠷ ᠦᠷᠳᠡᠭᠡ ᠳᠤ᠂ ᠠᠵᠢᠯᠲᠠᠳ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠤᠨ ᠭᠡᠷ ᠲᠤ ᠢᠷᠡᠵᠤ᠂ ᠡᠪᠦᠭᠡ ᠡᠮᠡᠭᠡ ᠲᠠᠢ ᠪᠠᠨ ᠶᠠᠷᠢᠯᠴᠠᠵᠤ ᠪᠠᠷᠠᠭᠰᠠᠨ ᠤ ᠳᠠᠷᠠᠭ᠎ᠠ ᠰᠤᠷᠤᠯᠭ᠎ᠠ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠳᠠᠰᠬᠠᠯ ᠤᠨ ᠳᠡᠪᠲᠡᠷ ᠪᠣᠯᠤᠨ ᠬᠢᠴᠢᠶᠡᠯ ᠤᠨ ᠭᠠᠳᠠᠭᠤᠷᠬᠢ ᠨᠣᠮ ᠵᠡᠷᠭᠡ ᠰᠤᠷᠤᠯᠭ᠎ᠠ ᠶᠢᠨ ᠬᠡᠷᠡᠭᠰᠡᠯ ᠢᠶᠠᠨ ᠠᠪᠴᠤ ᠶᠠᠪᠤᠵᠠᠢ᠃      ᠳᠠᠷᠠᠭ᠎ᠠ ᠪᠠᠷ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠠᠭᠠᠭᠤᠯᠭ᠎ᠠ ᠳᠣᠣᠷ᠎ᠠ ᠂ ᠠᠵᠢᠯᠲᠠᠳ ᠬᠤᠸᠠᠩᠲᠤ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠬᠦᠷᠴᠦ ᠡᠷᠦᠬᠡ ᠳᠠᠷᠠᠭᠠᠯᠠᠨ ᠳᠠᠩᠰᠠᠯᠠᠭᠰᠠᠨ ᠮᠡᠳᠡᠭᠡ ᠵᠠᠩᠭᠢ ᠶᠢ ᠣᠶᠢᠯᠠᠭᠠᠵᠤ᠂ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠯᠠᠪᠯᠠᠨ ᠠᠰᠠᠭᠤᠪᠠ᠃       ᠯᠢ ᠷᠦᠩ ᠨᠠᠰᠤᠲᠠᠨ  ᠤ ᠭᠡᠷ ᠲᠤ᠂ ᠨᠡᠶᠢᠭᠡᠮ ᠤᠨ ᠠᠵᠢᠯᠲᠠᠨ ᠤ ᠮᠡᠳᠡᠭᠡ ᠵᠠᠩᠭᠢ ᠶᠢ ᠳᠠᠩᠰᠠᠯᠠᠬᠤ ᠦᠶ᠎ᠡ ᠳᠤ ᠯᠢ ᠨᠠᠰᠤᠲᠠᠨ ᠡᠮ ᠡᠮᠨᠡᠯᠭᠡ ᠶᠢᠨ ᠵᠢᠵᠢᠭ ᠵᠢᠷᠤᠮ ᠢ ᠬᠡᠷᠡᠭᠯᠡᠵᠦ ᠪᠣᠯᠬᠤ ᠦᠭᠡᠢ ᠭᠡᠵᠦ ᠳᠤᠷᠠᠳᠴᠤ᠂ ᠭᠠᠴᠠᠭᠠᠨ ᠤ ᠠᠷᠠᠳ ᠤᠨ ᠵᠥᠪᠯᠡᠯ ᠠᠴᠠ ᠬᠠᠪᠰᠤᠷᠤᠯᠭ᠎ᠠ ᠦᠵᠡᠭᠦᠯᠬᠦ ᠶᠢ ᠬᠦᠰᠡᠪᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠭᠠᠷ ᠤᠲᠠᠰᠤ ᠪᠠᠷ ᠬᠤᠶᠠᠷ ᠨᠠᠰᠤᠲᠠᠨ ᠳᠤ ᠡᠮ ᠡᠮᠨᠡᠯᠭᠡ ᠶᠢᠨ ᠠᠵᠢᠯ ᠢ ᠬᠢᠵᠦ ᠥᠭᠴᠦ᠂ ᠬᠤᠶᠠᠷ ᠨᠠᠰᠤᠲᠠᠨ ᠤ ᠨᠠᠭᠠᠰᠢ ᠴᠠᠭᠠᠰᠢ ᠶᠠᠪᠤᠬᠤ ᠳᠤ ᠳᠥᠭᠦᠮ ᠦᠭᠡᠢ᠂ ᠠᠮᠤᠷ ᠲᠦᠪᠰᠢᠨ ᠤ ᠳᠠᠯᠳᠠ ᠭᠡᠮ ᠭᠠᠷᠬᠤ ᠠᠴᠠ ᠵᠠᠶᠢᠯᠠᠰᠬᠢᠬᠦ ᠶᠢᠨ ᠲᠥᠯᠥᠭᠡ ᠭᠠᠷ ᠤᠲᠠᠰᠤ ᠪᠠᠷ ᠡᠮ ᠡᠮᠨᠡᠯᠭᠡ ᠶᠢᠨ ᠠᠵᠢᠯ ᠢ ᠬᠢᠵᠦ ᠥᠭᠪᠡ᠃      ᠳᠠᠷᠠᠭᠠᠴᠢ ᠶᠢᠨ ᠠᠯᠬᠤᠮ ᠳᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠡᠷ ᠬᠤᠸᠠᠩᠲᠤ ᠲᠣᠰᠬᠤᠨ ᠤ ᠬᠤᠯᠪᠣᠭ᠎ᠠ ᠠᠪᠬᠤ ᠦᠷᠳᠡᠭᠡ᠂ ᠬᠤᠸᠠᠩᠲᠤ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠵᠢᠴᠢ ᠦᠨᠳᠦᠰᠦᠲᠡᠨ ᠤ ᠪᠦᠯᠬᠦᠮᠳᠡᠯ ᠰᠢᠶᠠᠩ ᠤᠨ ᠨᠡᠶᠢᠭᠡᠮ ᠤᠨ ᠠᠵᠢᠯ ᠤᠨ ᠦᠷᠳᠡᠭᠡ ᠨᠢ ︽ᠪᠣᠳᠠᠲᠠᠢ ᠶᠠᠪᠤᠳᠠᠯ ᠪᠦᠲᠦᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠪᠠᠷ ᠭᠤᠣᠯᠳᠠᠭᠤᠯᠵᠤ᠂ ᠬᠦᠴᠢᠷᠳᠡᠯᠲᠡᠢ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ᠃               ᠢᠷᠡᠯᠲᠡ᠄  ᠦᠨᠳᠦᠰᠦᠲᠡᠨ ᠤ ᠪᠦᠯᠬᠦᠮᠳᠡᠯ ᠰᠢᠶᠠᠩ            ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3