ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠯᠢᠶᠠᠨ ᠯᠢᠦᠶ ᠠᠮᠢ ᠠᠬᠤᠢ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2023/11/14
     11 ᠰᠠᠷ᠎ᠠ ᠶᠢᠨ 13᠎ ᠤ ᠡᠳᠦᠷ᠂ ᠮᠠᠨ ᠤ ᠰᠢᠶᠠᠨ ᠪᠡᠭᠡᠵᠢᠩ ᠤᠨ ᠯᠢᠶᠠᠨ ᠯᠢᠦᠶ ᠠᠮᠢ ᠠᠬᠤᠶ ᠶᠢᠨ ᠣᠷᠴᠢᠨ ᠨᠥᠬᠦᠴᠡᠯ ᠤᠨ ᠬᠢᠵᠠᠭᠠᠷᠲᠤ ᠺᠣᠮᠫᠠᠨᠢ ᠲᠠᠢ ᠰᠢᠤᠸᠠᠨ ᠡᠤ ᠶᠠᠨ ᠤ ᠰᠢᠷᠬᠡᠭᠯᠢᠭ ᠤᠨ ᠰᠢᠨ᠎ᠡ ᠮᠠᠲ᠋ᠧᠷᠢᠶᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠤᠶᠢᠯᠡᠰ ᠤᠨ ᠶᠠᠷᠢᠯᠴᠠᠬᠤ ᠬᠤᠷᠠᠯ ᠬᠢᠭᠰᠡᠨ ᠪᠥᠭᠡᠳ ᠬᠤᠶᠠᠷ ᠲᠠᠯ᠎ᠠ ᠪᠠᠷ ᠢᠶᠠᠨ ᠵᠤᠶᠢᠯᠡᠰ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ᠃ ᠤᠯᠠᠭᠠᠨᠴᠠᠪ ᠬᠤᠳᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠶᠠᠩ᠂ ᠥᠪᠥᠷ ᠮᠣᠩᠭᠤᠯ ᠤᠨ ᠳᠥᠷᠪᠡᠳᠦᠭᠡᠷ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠳᠡᠳ᠋ ᠳᠠᠷᠤᠭ᠎ᠠ ᠰᠢᠤᠸᠠᠢ ᡁᠢ ᠭᠠᠩ᠂ ᠪᠡᠭᠡᠵᠢᠩ ᠤᠨ ᠯᠢᠶᠠᠨ ᠯᠢᠦᠶ ᠠᠮᠢ ᠠᠬᠤᠢ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠶᠡᠷᠦᠩᠬᠡᠢ ᠵᠥᠪᠯᠡᠭᠴᠢ ᠾᠧ ᠸᠧᠢ ᠯᠢ ᠨᠡᠷ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠬᠤᠷᠠᠯ ᠢ ᠡᠷᠬᠢᠯᠡᠪᠡ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠦᠨᠳᠦᠰᠦᠨ ᠪᠠᠶᠢᠳᠠᠯ᠂ ᠳᠠᠪᠠᠭᠤᠯᠢᠭ ᠡᠬᠢ ᠪᠠᠶᠠᠯᠢᠭ ᠵᠡᠷᠭᠡ ᠲᠠᠯ᠎ᠠ ᠪᠠᠷ ᠲᠠᠨᠢᠯᠴᠠᠭᠤᠯᠵᠠᠢ᠃ ᠡᠭᠦᠨ ᠤ ᠬᠠᠮᠲᠤ ᠰᠢᠨ᠎ᠡ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠮᠢ ᠠᠬᠤᠶ ᠶᠢᠨ ᠣᠷᠴᠢᠨ ᠨᠥᠬᠦᠴᠡᠯ ᠤᠨ ᠰᠠᠭᠤᠷᠢ ᠲᠥᠬᠦᠭᠡᠷᠦᠮᠵᠢ ᠵᠢᠴᠢ ᠰᠢᠶᠠᠨ ᠤ ᠬᠤᠳᠠᠯᠳᠤᠭᠠᠴᠢᠨ ᠤᠷᠢᠬᠤ ᠲᠦᠷᠦ ᠶᠢᠨ ᠪᠤᠳᠤᠯᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠠᠭᠤᠷᠬᠠᠶ ᠶᠢᠨ ᠭᠠᠷᠤᠯᠲᠠ᠂ ᠥᠩᠭᠡ ᠦᠵᠡᠮᠵᠢ ᠂ ᠤᠰᠤᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠭᠡᠭᠡᠨ ᠠᠰᠢᠭᠯᠠᠬᠤ ᠣᠷᠣᠨ ᠵᠠᠶ ᠲᠦᠢᠯ ᠤᠨ ᠶᠡᠭᠡ᠂ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠯᠡᠷᠬᠡᠶ ᠪᠠᠶᠢᠵᠤ᠂ ᠬᠦᠷᠮᠡᠨ ᠴᠢᠯᠠᠭᠤᠯᠢᠭ ᠤᠨ ᠰᠢᠷᠬᠡᠭᠯᠢᠭ ᠤᠨ ᠰᠢᠨ᠎ᠡ ᠮᠠᠲ᠋ᠧᠷᠢᠶᠠᠯ ᠢ ᠬᠥᠭᠵᠢᠭᠦᠯᠬᠦ ᠡᠬᠢ ᠪᠠᠶᠠᠯᠢᠭ ᠤᠨ ᠰᠠᠭᠤᠷᠢ ᠪᠠ ᠯᠤᠲᠤ ᠶᠡᠭᠡ ᠳᠠᠯᠳᠠ ᠬᠦᠴᠦᠨ ᠲᠠᠢ ᠶᠤᠮ᠃ ᠪᠡᠭᠡᠵᠢᠩ ᠤᠨ ᠯᠢᠶᠠᠨ ᠯᠢᠦᠶ ᠠᠮᠢ ᠠᠬᠤᠶ ᠶᠢᠨ ᠣᠷᠴᠢᠨ ᠨᠥᠬᠦᠴᠡᠯ ᠤᠨ ᠬᠢᠵᠠᠭᠠᠷᠲᠤ ᠺᠣᠮᠫᠠᠨᠢ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ ᠂ ᠲᠤᠰᠬᠠᠶ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠦᠯᠬᠦᠮ ᠢᠶᠠᠷ ᠳᠠᠮᠵᠢᠭᠤᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠭᠡᠭᠡᠨ ᠠᠰᠢᠭᠯᠠᠵᠤ᠂ ᠰᠢᠤᠸᠠᠨ ᠡᠤ ᠶᠠᠨ ᠤ ᠰᠢᠷᠬᠡᠭᠯᠢᠭ ᠤᠨ ᠰᠢᠨ᠎ᠡ ᠮᠠᠲ᠋ᠧᠷᠢᠶᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠤᠶᠢᠯᠡᠰ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠵᠤᠶᠢᠯᠡᠰ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠣᠷᠴᠢᠮ ᠪᠣᠯᠤᠨ᠎ᠠ ᠭᠡᠵᠡᠶ᠃      ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠣᠯᠢᠯᠴᠠᠭ᠎ᠠ ᠪᠠᠷ ᠭᠠᠷᠤᠭ᠎ᠠ ᠪᠣᠯᠭᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠰᠢᠩ ᠡᡁᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3