11 ᠰᠠᠷ᠎ᠠ ᠶᠢᠨ 13 ᠤ ᠡᠳᠦᠷ᠂ ᠮᠠᠨ ᠤ ᠰᠢᠶᠠᠨ ᠪᠡᠭᠡᠵᠢᠩ ᠤᠨ ᠯᠢᠶᠠᠨ ᠯᠢᠦᠶ ᠠᠮᠢ ᠠᠬᠤᠶ ᠶᠢᠨ ᠣᠷᠴᠢᠨ | ᠨᠥᠬᠦᠴᠡᠯ ᠤᠨ ᠬᠢᠵᠠᠭᠠᠷᠲᠤ ᠺᠣᠮᠫᠠᠨᠢ ᠲᠠᠢ ᠰᠢᠤᠸᠠᠨ ᠡᠤ ᠶᠠᠨ ᠤ ᠰᠢᠷᠬᠡᠭᠯᠢᠭ ᠤᠨ ᠰᠢᠨ᠎ᠡ ᠮᠠᠲ᠋ᠧᠷᠢᠶᠠᠯ ᠵᠢᠴᠢ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠤᠶᠢᠯᠡᠰ ᠤᠨ ᠶᠠᠷᠢᠯᠴᠠᠬᠤ ᠬᠤᠷᠠᠯ | ᠬᠢᠭᠰᠡᠨ ᠪᠥᠭᠡᠳ ᠬᠤᠶᠠᠷ ᠲᠠᠯ᠎ᠠ ᠪᠠᠷ ᠢᠶᠠᠨ ᠵᠤᠶᠢᠯᠡᠰ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ | ᠲᠣᠭᠲᠠᠪᠠ᠃ ᠤᠯᠠᠭᠠᠨᠴᠠᠪ ᠬᠤᠳᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠶᠠᠩ ᠶᠠᠩ᠂ ᠥᠪᠥᠷ ᠮᠣᠩᠭᠤᠯ ᠤᠨ | ᠳᠥᠷᠪᠡᠳᠦᠭᠡᠷ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠳᠡᠳ᠋ ᠳᠠᠷᠤᠭ᠎ᠠ ᠰᠢᠤᠸᠠᠢ ᡁᠢ ᠭᠠᠩ᠂ | ᠪᠡᠭᠡᠵᠢᠩ ᠤᠨ ᠯᠢᠶᠠᠨ ᠯᠢᠦᠶ ᠠᠮᠢ ᠠᠬᠤᠢ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ | ᠶᠡᠷᠦᠩᠬᠡᠢ ᠵᠥᠪᠯᠡᠭᠴᠢ ᠾᠧ ᠸᠧᠢ ᠯᠢ ᠨᠡᠷ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠾᠧᠦ ᠶᠢᠩ ᠬᠤᠷᠠᠯ ᠢ ᠡᠷᠬᠢᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠦᠨᠳᠦᠰᠦᠨ ᠪᠠᠶᠢᠳᠠᠯ᠂ | ᠳᠠᠪᠠᠭᠤᠯᠢᠭ ᠡᠬᠢ ᠪᠠᠶᠠᠯᠢᠭ ᠵᠡᠷᠭᠡ ᠲᠠᠯ᠎ᠠ ᠪᠠᠷ ᠲᠠᠨᠢᠯᠴᠠᠭᠤᠯᠵᠠᠢ᠃ ᠡᠭᠦᠨ ᠤ ᠬᠠᠮᠲᠤ ᠰᠢᠨ᠎ᠡ ᠮᠠᠲ᠋ᠧᠷᠢᠶᠠᠯ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠮᠢ ᠠᠬᠤᠶ ᠶᠢᠨ ᠣᠷᠴᠢᠨ | ᠨᠥᠬᠦᠴᠡᠯ ᠤᠨ ᠰᠠᠭᠤᠷᠢ ᠲᠥᠬᠦᠭᠡᠷᠦᠮᠵᠢ ᠵᠢᠴᠢ ᠰᠢᠶᠠᠨ ᠤ ᠬᠤᠳᠠᠯᠳᠤᠭᠠᠴᠢᠨ ᠤᠷᠢᠬᠤ ᠲᠦᠷᠦ ᠶᠢᠨ ᠪᠤᠳᠤᠯᠭ᠎ᠠ | ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠠᠭᠤᠷᠬᠠᠶ ᠶᠢᠨ ᠭᠠᠷᠤᠯᠲᠠ᠂ ᠥᠩᠭᠡ ᠦᠵᠡᠮᠵᠢ | ᠂ ᠤᠰᠤᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠭᠡᠭᠡᠨ ᠠᠰᠢᠭᠯᠠᠬᠤ ᠣᠷᠣᠨ ᠵᠠᠶ ᠲᠦᠢᠯ ᠤᠨ ᠶᠡᠭᠡ᠂ | ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠯᠡᠷᠬᠡᠶ ᠪᠠᠶᠢᠵᠤ᠂ ᠬᠦᠷᠮᠡᠨ ᠴᠢᠯᠠᠭᠤᠯᠢᠭ ᠤᠨ | ᠰᠢᠷᠬᠡᠭᠯᠢᠭ ᠤᠨ ᠰᠢᠨ᠎ᠡ ᠮᠠᠲ᠋ᠧᠷᠢᠶᠠᠯ ᠢ ᠬᠥᠭᠵᠢᠭᠦᠯᠬᠦ ᠡᠬᠢ ᠪᠠᠶᠠᠯᠢᠭ ᠤᠨ ᠰᠠᠭᠤᠷᠢ ᠪᠠ ᠯᠤᠲᠤ ᠶᠡᠭᠡ ᠳᠠᠯᠳᠠ | ᠬᠦᠴᠦᠨ ᠲᠠᠢ ᠶᠤᠮ᠃ ᠪᠡᠭᠡᠵᠢᠩ ᠤᠨ ᠯᠢᠶᠠᠨ ᠯᠢᠦᠶ ᠠᠮᠢ ᠠᠬᠤᠶ ᠶᠢᠨ ᠣᠷᠴᠢᠨ ᠨᠥᠬᠦᠴᠡᠯ ᠤᠨ ᠬᠢᠵᠠᠭᠠᠷᠲᠤ | ᠺᠣᠮᠫᠠᠨᠢ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠪᠠᠳᠠᠷᠠᠭᠤᠯᠵᠤ | ᠂ ᠲᠤᠰᠬᠠᠶ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠦᠯᠬᠦᠮ ᠢᠶᠠᠷ ᠳᠠᠮᠵᠢᠭᠤᠯᠤᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠭᠡᠭᠡᠨ ᠠᠰᠢᠭᠯᠠᠵᠤ᠂ ᠰᠢᠤᠸᠠᠨ | ᠡᠤ ᠶᠠᠨ ᠤ ᠰᠢᠷᠬᠡᠭᠯᠢᠭ ᠤᠨ ᠰᠢᠨ᠎ᠡ ᠮᠠᠲ᠋ᠧᠷᠢᠶᠠᠯ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠵᠤᠶᠢᠯᠡᠰ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠢᠳᠡᠪᠬᠢᠲᠡᠶ ᠳᠥᠯᠭᠢᠨ | ᠠᠬᠢᠭᠤᠯᠵᠤ᠂ ᠵᠤᠶᠢᠯᠡᠰ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠣᠷᠴᠢᠮ | ᠪᠣᠯᠤᠨ᠎ᠠ ᠭᠡᠵᠡᠶ᠃ | ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠣᠯᠢᠯᠴᠠᠭ᠎ᠠ ᠪᠠᠷ ᠭᠠᠷᠤᠭ᠎ᠠ ᠪᠣᠯᠭᠠᠵᠤ᠂ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠰᠢᠩ ᠡᡁᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ | ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ | ᠪᠠᠶᠢᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |