ᠵᠠᠩ ᠭᠤᠤ ᠪᠠᠯᠭᠠᠰᠤᠨ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ — ᠤᠯᠠᠨ ᠲᠦᠮᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/11/15
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 11 ᠤ ᠡᠳᠦᠷ᠂ ᠵᠠᠩ ᠭᠤᠤ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠪᠠᠴᠢᠮᠳᠠᠵᠤ ᠵᠣᠪᠠᠨᠢᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠪᠡ᠃      ᠬᠤᠷᠠᠯ ᠳᠡᠭᠡᠷ᠎ᠡ᠂ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠪᠠᠷ ᠭᠤᠣᠯᠳᠠᠭᠤᠯᠵᠤ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠡᠭᠦᠷᠭᠡ ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠬᠦ ᠶᠢ ᠰᠠᠶᠢᠲᠤᠷ ᠬᠢᠵᠦ᠂ ︽ᠪᠦᠬᠦ ᠡᠳᠦᠷ︾ ᠢᠶᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠣᠶᠢᠷᠠᠲᠤᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠭᠤᠣᠯ ᠰᠡᠳᠦᠪᠲᠦ ᠬᠥᠮᠦᠵᠢᠯ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠬᠦ ᠲᠠᠢ ᠤᠶᠠᠯᠳᠤᠭᠤᠯᠤᠨ᠂ ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠵᠢᠴᠢ ︽ᠳᠥᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ︾᠂ ︽ᠵᠢᠷᠭᠤᠭᠠᠨ ᠨᠢᠭᠡ ᠠᠴᠢᠶᠠᠯᠠᠪᠤᠷᠢ︾ ᠵᠡᠷᠭᠡ ᠠᠷᠭ᠎ᠠ ᠬᠡᠯᠪᠡᠷᠢ ᠶᠢ  ᠭᠦᠢᠴᠡᠳ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠦᠨ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠶᠣᠰᠣ ᠤᠴᠢᠷ ᠢ ᠲᠣᠳᠣᠷᠬᠠᠶᠢᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠢ ᠦᠨᠡᠨ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠦᠨᠡᠨᠬᠦ ᠬᠥᠲᠥᠯᠦᠨ ᠵᠢᠯᠣᠭᠤᠳᠤᠨ᠎ᠠ᠃      ᠳᠠᠷᠠᠭ᠎ᠠ ᠳᠤᠨᠢ᠂ ᠲᠥᠯᠥᠭᠡᠯᠡᠭᠴᠢ ᠭᠡᠰᠢᠭᠦᠳ ᠵᠠᠩ ᠭᠤᠤ ᠰᠣᠶᠣᠯ ᠤᠨ ᠬᠦᠷᠢᠶᠡᠯᠡᠩ᠂ ᠹᠧᠩ ᠽᠢ ᠬᠤᠤ ᠵᠣᠯ ᠵᠢᠷᠭᠠᠯ ᠤᠨ ᠬᠦᠷᠢᠶᠡᠯᠡᠩ ᠵᠢᠴᠢ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠲᠤᠬᠠᠢ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠢᠭᠰᠡᠨ ᠪᠥᠭᠡᠳ ᠰᠡᠳᠬᠢᠯ ᠳᠤᠯᠠᠭᠠᠴᠠᠭᠤᠯᠬᠤ ᠨᠡᠭᠦᠷᠡᠰᠦᠨ ᠤ ᠶᠠᠰᠤ ᠴᠢᠨᠠᠷ ᠢ ᠭᠦᠨᠵᠡᠭᠡᠢ ᠣᠶᠢᠯᠠᠭᠠᠵᠤ᠂ ᠲᠠᠷᠬᠠᠭᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ᠂ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠪᠣᠯᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠶᠠᠷᠢᠯᠴᠠᠨ ᠰᠤᠳᠤᠯᠵᠠᠢ᠃      ᠲᠤᠰ ᠤᠳᠠᠭ᠎ᠠ ᠶᠢᠨ ᠪᠠᠶᠢᠴᠠᠭᠠᠨ ᠰᠤᠳᠤᠯᠬᠤ ᠠᠵᠢᠯᠯᠠᠭ᠎ᠠ ᠪᠠᠷ ᠲᠠᠮᠵᠢᠨ᠂ ᠲᠥᠯᠥᠭᠡᠯᠡᠭᠴᠢᠳ ᠭᠡᠰᠢᠭᠦᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠭᠦᠨᠵᠡᠭᠡᠢ ᠤᠢᠢᠯᠠᠭᠠᠭᠰᠠᠨ ᠪᠥᠭᠡᠳ ᠥᠪᠡᠷ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠨᠡᠩ ᠭᠦᠨᠵᠡᠭᠡᠢ ᠮᠡᠳᠡᠷᠡᠵᠦ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠢᠳᠡᠪᠬᠢᠲᠡᠢ ᠭᠦᠢᠴᠡᠳᠬᠡᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠦ ᠢᠯᠡᠳᠬᠡᠵᠡᠭᠡᠪᠡ᠃               ᠢᠷᠡᠯᠲᠡ᠄ ᠵᠠᠩ ᠭᠤᠣ ᠪᠠᠯᠭᠠᠰᠤ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3