ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠵᠤ ᠰᠢᠯᠭᠠᠨ ᠠᠪᠴᠤ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠬᠢᠵᠢᠭᠦᠯᠦᠭᠰᠡᠨ ᠪᠠᠶᠢᠳᠠᠯ ᠳᠤ ᠳᠠᠬᠢᠨ ᠬᠢᠨᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/16
     11 ᠳ᠋ᠦᠭᠡᠷ ᠰᠠᠷ᠎ᠠ ᠶᠢᠨ 13᠎ ᠤ ᠡᠳᠦᠷ ᠠᠴᠠ 14᠎ ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠳᠠᠬᠢᠨ ᠬᠢᠨᠠᠵᠤ ᠰᠢᠯᠭᠠᠨ ᠠᠪᠴᠤ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠬᠢᠵᠢᠭᠦᠯᠦᠭᠰᠡᠨ ᠪᠠᠶᠢᠳᠠᠯ ᠳᠤ ᠳᠠᠬᠢᠨ ᠬᠢᠨᠠᠬᠤ ᠠᠵᠢᠯ ᠥᠷᠨᠢᠭᠦᠯᠦᠭᠰᠡᠨ ᠪᠥᠭᠡᠳ ᠠᠵᠢᠯ ᠤᠨ ᠰᠠᠨᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠢ ᠳ᠋ᠦᠩ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ ᠮᠠᠨ ᠤ ᠰᠢᠶᠠᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠬᠢᠵᠢᠭᠦᠯᠬᠦ ᠠᠵᠢᠯ ᠳᠤ ᠦᠨᠡᠯᠡᠨ ᠵᠢᠱᠢᠯᠲᠡ ᠬᠢᠵᠦ ᠬᠠᠷᠢᠭᠤ ᠲᠤᠰᠬᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ᠂ ᠢᠳᠡᠭᠡᠨ ᠪᠠ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢ ᠲᠤᠬᠠᠶ ᠶᠢᠨ ᠭᠠᠵᠠᠷ ᠲᠤᠨᠢ ᠭᠦᠨᠵᠡᠭᠡᠶ ᠨᠠᠷᠢᠨ ᠨᠢᠮᠪᠠᠶ ᠪᠠᠶᠢᠴᠠᠭᠠᠵᠤ᠂ ᠲᠡᠷᠡᠴᠢᠯᠡᠨ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠱᠠᠭᠠᠷᠳᠠᠯᠭ᠎ᠠ ᠳᠤᠷᠠᠳᠪᠠ᠃      ᠬᠠᠷᠢᠭᠤ ᠲᠤᠰᠬᠠᠬᠤ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠰᠢᠩ ᠾᠧ ᠰᠢᠶᠠᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠦ᠂ ᠮᠠᠰᠢ ᠰᠠᠶᠢᠨ ᠦᠷ᠎ᠡ ᠪᠦᠲᠦᠮᠵᠢ ᠣᠯᠵᠠᠶ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠬᠢᠵᠢᠭᠦᠯᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠶᠢᠴᠠᠭᠠᠯᠲᠠ ᠶᠢᠨ ᠳᠤᠮᠳᠠ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠬᠠᠷᠭᠤᠭᠤᠯᠵᠤ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠪᠠᠶᠠᠷ ᠪᠠᠭ᠋ᠠᠳᠤᠯ ᠪᠠ ᠰᠢᠶᠠᠨ ᠤ ᠬᠤᠲᠠ ᠶᠢᠨ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠲᠣᠰ ᠤᠳᠠᠭᠠᠨ ᠤ ᠳᠠᠬᠢᠨ ᠬᠢᠨᠠᠯᠲᠠ ᠪᠠᠷ ᠠᠵᠠ ᠲᠣᠬᠢᠶᠠᠯ ᠪᠣᠯᠭᠠᠵᠤ᠂ ᠵᠤᠶᠢᠯ ᠳᠠᠷᠠᠭᠠᠯᠠᠨ ᠡᠮᠬᠢᠯᠡᠨ ᠳᠢᠭᠯᠡᠵᠦ᠂ ᠤᠯᠤᠰ ᠤᠨ ᠳᠠᠬᠢᠨ ᠬᠢᠨᠠᠯᠲᠠ ᠶᠢᠨ ᠠᠵᠢᠯ ᠤᠨ ᠰᠢᠨ᠎ᠡ ᠪᠠᠷᠢᠮᠵᠢᠶ᠎ᠠ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠦᠳᠲᠡᠷ ᠲᠦᠷᠭᠡᠨ ᠨᠠᠶᠢᠳᠠᠪᠤᠷᠢᠵᠢᠭᠤᠯᠤᠨ᠎ᠠ ᠭᠡᠵᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠴᠢᠩᠭᠠᠳᠬᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠲᠠᠬᠢᠨ ᠬᠢᠨᠠᠬᠤ ᠠᠵᠢᠯ ᠢ ᠨᠢᠭᠡ ᠵᠦᠢᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠲᠣᠰ ᠤᠳᠠᠭᠠᠨ ᠤ ᠳᠠᠬᠢᠨ ᠬᠢᠨᠠᠯᠲᠠ ᠪᠠᠷ ᠡᠬᠢᠯᠡᠯᠲᠡ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠠᠮᠢ ᠠᠬᠤᠶ ᠨᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠡᠶᠢᠭᠡᠮ ᠨᠢ ᠡᠶ᠎ᠡ ᠵᠣᠬᠢᠴᠠᠯ ᠲᠠᠢ ᠰᠢᠩ ᠾᠧ ᠰᠢᠶᠠᠨ ᠢ ᠪᠥᠲᠥᠭᠡᠨ ᠪᠠᠶᠢᠭᠤᠯᠬᠤ ᠬᠡᠷᠡᠭᠲᠡᠶ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3