ᠰᠢᠩ ᠾᠧ ᠰᠢᠶᠠᠨ 119 ᠤᠬᠠᠭᠤᠯᠭ᠎ᠠ ᠶᠢᠨ ᠰᠠᠷ᠎ᠠ ᠵᠢᠴᠢ ᠠᠵᠤ ᠠᠬᠤᠶᠢᠯᠠᠯ ᠤᠨ ᠲᠥᠪᠯᠡᠷᠡᠩᠭᠦᠶ ᠰᠣᠷᠢᠯᠲᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/16
     ᠪᠥᠬᠦ ᠨᠡᠶᠢᠭᠡᠮ ᠢᠶᠠᠷ ᠢᠶᠠᠨ ᠭᠠᠯ ᠤᠨᠲᠠᠷᠠᠭᠠᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠭᠠᠯ ᠤᠨᠲᠠᠷᠠᠭᠠᠬᠤ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 9᠎ ᠤ ᠡᠳᠦᠷ᠂ ᠰᠢᠩ ᠾᠧ ᠰᠢᠶᠠᠨ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ ᠠᠮᠢ ᠨᠠᠰᠤ ᠶᠢ ᠳᠡᠭᠡᠳᠦᠯᠡᠬᠦ︾᠎ ᠪᠠᠷ ᠭᠤᠤᠯ ᠰᠡᠳᠦᠪ ᠪᠣᠯᠭᠠᠭᠰᠠᠨ 119 ᠤᠬᠠᠭᠤᠯᠭ᠎ᠠ ᠶᠢᠨ ᠰᠠᠷ᠎ᠠ ᠵᠢᠴᠢ ᠠᠵᠤ ᠠᠬᠤᠶᠢᠯᠠᠯ ᠤᠨ ᠲᠥᠪᠯᠡᠷᠡᠩᠭᠦᠶ ᠰᠣᠷᠢᠯᠲᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠪᠠ ᠪᠠᠭᠠᠲᠤᠷ ᠳᠦᠷᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
     ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠰᠢᠩ ᠡᡁᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠰᠢᠩ ᠡᡁᠧ ᠰᠢᠶᠠᠨ ᠤ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠡᠢ᠃ ᠰᠢᠩ ᠾᠧ ᠰᠢᠶᠠᠨ ᠤ ᠰᠢᠩ ᠵᠢᠶᠧ ᠪᠠᠶᠢᠭᠠᠯᠢ ᠶᠢᠨ ᠰᠢᠲᠠᠮᠠᠬᠠᠶ ᠬᠡᠢ ᠶᠢᠨ ᠡᠳ᠋ ᠤ ᠰᠠᠪᠠ ᠭᠤᠭᠤᠵᠢᠭᠰᠠᠨ ᠢ ᠳᠠᠭᠤᠷᠢᠶᠠᠨ ᠰᠣᠷᠢᠯᠲᠠ ᠬᠢᠵᠦ᠂ ᠨᠢᠭᠡ ᠠᠵᠢᠯᠳᠠᠨ ᠬᠠᠰᠢᠭᠳᠠᠭᠰᠠᠨ ᠢᠶᠠᠷ ᠠᠷᠤ ᠦᠵᠡᠭᠳᠡᠯ ᠪᠣᠯᠭᠠᠵᠤ᠂ ᠴᠠᠭᠳᠠᠭ᠎ᠠ ᠶᠢᠨ ᠮᠡᠳᠡᠭᠡ ᠶᠢ ᠣᠯᠤᠭᠰᠠᠨ ᠤ ᠲᠠᠷᠠᠭ᠎ᠠ᠂ ᠰᠢᠩ ᠡᡁᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠦᠳᠲᠡᠷ ᠲᠦᠷᠭᠡᠨ ᠡᠬᠢᠯᠡᠭᠦᠯᠵᠦ᠂ 7 ᠭᠠᠯ ᠤᠨᠲᠠᠷᠠᠭᠠᠬᠤ ᠲᠡᠷᠭᠡ ᠬᠥᠳᠡᠯᠭᠡᠵᠦ᠂ 49 ᠵᠢᠯᠤᠭᠤᠳᠤᠭᠴᠢ ᠪᠠᠶᠢᠯᠳᠤᠭᠴᠢ ᠶᠢ ᠲᠤᠬᠠᠢ ᠶᠢᠨ ᠲᠠᠯᠠᠪᠠᠢ ᠳᠤ ᠣᠴᠢᠭᠤᠯᠵᠤ᠂ ᠰᠡᠷᠭᠡᠶᠢᠯᠡᠯᠲᠡ ᠶᠢᠨ ᠣᠷᠣᠨ ᠢ ᠵᠠᠭᠠᠭᠯᠠᠨ ᠲᠣᠭᠲᠠᠭᠠᠵᠤ᠂ ᠲᠤᠬᠠᠢ ᠶᠢᠨ ᠲᠠᠯᠠᠪᠠᠢ ᠶᠢᠨ ᠭᠤᠭᠤᠵᠢᠭᠰᠠᠨ ᠬᠡᠢ ᠪᠡᠶᠡᠲᠦ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠬᠠᠰᠢᠭᠳᠠᠭᠰᠠᠨ ᠬᠥᠮᠦᠰ ᠢ ᠡᠷᠢᠵᠦ ᠠᠪᠤᠷᠠᠨ ᠲᠤᠰᠠᠯᠠᠬᠤ ᠶᠢᠨ ᠬᠠᠮᠲᠤ 4 ᠨᠡᠭᠦᠳᠡᠯ ᠶᠡᠭᠡ ᠫᠤᠤ ᠪᠣᠯᠤᠨ ᠤᠰᠤᠨ ᠬᠥᠰᠢᠭᠡ ᠶᠢᠨ ᠤᠰᠤᠨ ᠪᠦᠰᠡ ᠶᠢ ᠬᠥᠳᠡᠯᠭᠡᠨ ᠰᠢᠩᠭᠡᠷᠡᠭᠦᠯᠦᠨ ᠬᠠᠮᠠᠭᠠᠯᠠᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠳᠤ ᠠᠪᠤᠷᠠᠨ ᠲᠤᠰᠠᠯᠠᠬᠤ ᠳᠤᠭᠤᠶᠢᠯᠠᠩ ᠤᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ 30 ᠮᠢᠨᠦ᠋ᠲ ᠤᠨ ᠳᠠᠷᠠᠭ᠎ᠠ ᠭᠤᠭᠤᠵᠢᠭᠰᠠᠨ ᠭᠠᠵᠠᠷ ᠢ ᠠᠮᠵᠢᠯᠲᠠ ᠲᠠᠢ ᠪᠠᠷ ᠪᠢᠲᠡᠭᠦᠮᠵᠢᠯᠡᠵᠦ᠂ ᠭᠤᠭᠤᠵᠢᠭᠰᠠᠨ ᠬᠡᠢ ᠪᠡᠶᠡᠲᠦ ᠶᠢ ᠪᠦᠲᠦᠮᠵᠢᠲᠡᠶ ᠪᠠᠷ ᠰᠢᠩᠭᠡᠷᠡᠭᠦᠯᠵᠦ᠂ ᠶᠡᠭᠡ ᠬᠡᠪᠴᠢᠶ᠎ᠡ ᠪᠠᠷ ᠲᠠᠷᠬᠠᠭᠠᠭᠰᠠᠨ ᠦᠭᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3