ᠳ᠋ᠢᠶᠠᠨ ᠽᠢ ᠪᠠᠯᠭᠠᠰᠤ ᠳᠥᠷᠪᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/11/16
     ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳ᠋ᠢᠶᠠᠨ ᠽᠢ ᠪᠠᠯᠭᠠᠰᠤ ᠶᠢᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠴᠢᠬᠤᠯᠠ ᠭᠠᠷᠳᠠᠴᠠ ᠪᠣᠯᠭᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠵᠢᠷᠤᠮᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ᠂ ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠪᠠᠯᠭᠠᠰᠤ ᠶᠢᠨ ᠳᠥᠷᠪᠡᠳᠦᠭᠡᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠵᠡᠢ᠃      ᠡᠯ᠎ᠡ ᠲᠣᠰᠬᠤᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠪᠦᠷᠢᠯᠳᠦᠬᠦᠨ᠂ ᠲᠣᠰᠬᠤᠨ ᠤ ︽ᠬᠤᠶᠠᠷ ᠵᠥᠪᠯᠡᠯ︾᠎ ᠤᠨ ᠺᠠᠳ᠋ᠷᠴᠤᠳ ᠨᠢᠭᠲᠠ ᠬᠠᠮᠵᠢᠯᠴᠠᠨ᠂ ᠵᠣᠬᠢᠴᠠᠯᠳᠤᠨ ᠬᠥᠳᠡᠯᠦᠯᠴᠡᠵᠦ᠂ ᠳᠤᠭᠤᠶᠢᠯᠠᠩ ᠬᠤᠪᠢᠶᠠᠨ ᠡᠷᠦᠬᠡ ᠳᠠᠷᠠᠭᠠᠯᠠᠨ ᠡᠷᠦᠬᠡ ᠳᠤ ᠬᠦᠷᠴᠦ ᠪᠠᠶᠢᠴᠠᠭᠠᠨ ᠵᠢᠭᠰᠠᠭᠠᠬᠤ ᠠᠵᠢᠯ ᠢ ᠬᠢᠵᠦ᠂ ︽ᠠᠷᠪᠠᠨ ᠲᠥᠷᠥᠯ︾᠎ ᠤᠨ ᠭᠤᠤᠯᠳᠠᠯᠭ᠎ᠠ ᠲᠠᠢ ᠡᠲᠡᠭᠡᠳ᠂ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ ᠡᠲᠡᠭᠡᠳ᠂ ᠡᠩ ᠤᠨ ᠡᠷᠦᠬᠡ ᠶᠢᠨ ᠤᠶᠢᠯᠡᠳᠪᠤᠷᠢᠯᠡᠯ ᠠᠮᠢᠳᠤᠷᠠᠯ ᠤᠨ ᠪᠠᠶᠢᠳᠠᠯ᠂ ᠠᠵᠢᠯ ᠬᠥᠳᠡᠯᠮᠦᠷᠢ ᠵᠢᠴᠢ ᠣᠷᠣᠯᠭ᠎ᠠ᠂ ᠡᠪᠡᠳᠴᠢᠨ ᠦᠵᠡᠭᠦᠯᠬᠦ᠂ ᠠᠵᠤ  ᠤᠶᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠡᠳᠡᠭᠡ ᠵᠠᠩᠭᠢ ᠶᠢ ᠬᠢᠨᠠᠮᠠᠭᠠᠶ ᠴᠤᠭᠯᠠᠭᠤᠯᠵᠤ᠂ ︽ᠮᠠᠰᠢᠨ᠂ ᠲᠠᠩᠰᠠ᠂ ᠺᠠᠷᠲ᠂ ᠪᠣᠳᠠᠲᠠᠶ︾᠎ ᠶᠢ ᠨᠢᠭᠡᠳᠦᠯᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ︽ᠬᠤᠤᠰ ᠭᠠᠷ ᠤᠨ ᠥᠰᠥᠭ ᠵᠢᠷᠤᠬᠤ︾᠎ ᠶᠢ ᠨᠠᠶᠢᠳᠠᠪᠤᠷᠢᠵᠢᠭᠤᠯᠤᠨ᠎ᠠ᠃      ᠡᠷᠦᠬᠡ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠲᠠᠷᠢᠶᠠᠴᠢᠨ ᠡᠷᠦᠬᠡ ᠶᠢᠨ ᠬᠡᠷ ᠪᠦᠯᠢ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠬᠡᠷᠡᠭᠯᠡᠯᠲᠡ᠂ ᠵᠣᠷᠯᠣᠩ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠠᠷᠠᠳ ᠲᠤ ᠳᠠᠬᠢᠨ ᠶᠠᠳᠠᠭᠤᠷᠠᠬᠤ ᠶᠢ ᠬᠢᠨᠠᠨ ᠰᠢᠯᠭᠠᠬᠤ ᠡᠲᠡᠭᠡᠳ ᠤᠨ ᠭᠤᠶᠤᠴᠢᠯᠠᠨ ᠮᠡᠳᠡᠭᠦᠯᠬᠦ᠂ ᠠᠮᠤᠷ ᠲᠦᠪᠰᠢᠨ ᠤᠤᠭᠤᠬᠤ ᠤᠰᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠠᠶᠢᠯᠪᠤᠷᠢᠯᠠᠨ ᠥᠭᠴᠦ᠂ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠠᠰᠠᠭᠤᠳᠠᠯ ᠳᠤ ᠬᠠᠷᠢᠭᠤᠯᠲᠠ ᠥᠭᠴᠡᠶ᠃      ᠡᠭᠦᠨ ᠤ ᠬᠠᠮᠲᠤ᠂ ᠪᠠᠯᠭᠠᠰᠤ ᠠᠴᠠ ᠲᠤᠰᠬᠠᠢ ᠵᠢᠯᠣᠭᠤᠳᠬᠤ ᠳᠤᠭᠤᠶᠢᠯᠠᠩ ᠪᠠᠶᠢᠭᠤᠯᠵᠤ᠂ ᠤᠢᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠣᠰᠬᠤᠨ᠂ ᠵᠤᠷᠪᠤᠰ ᠳᠠᠷᠠᠭᠠᠯᠠᠨ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠤᠨ᠎ᠠ᠃ ᠳᠥᠷᠪᠡᠳᠦᠭᠡᠷ ᠤᠯᠠᠷᠢᠯ ᠤᠨ ᠡᠷᠦᠬᠡ ᠳᠤ ᠣᠷᠣᠵᠤ ᠬᠦᠰᠦᠨᠦᠭ ᠲᠡᠮᠲᠡᠷᠢᠬᠦ ᠵᠡᠷᠭᠡ ᠠᠯᠢ ᠣᠯᠠᠨ ᠠᠵᠢᠯ ᠤᠨ ᠲᠠᠩᠰᠠ ᠡᠪᠬᠡᠮᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠬᠦᠰᠦᠨᠦᠭ ᠲᠠᠭᠯᠠᠬᠤ ᠯᠣᠭᠢᠭ᠂ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠷᠭ᠎ᠠ ᠮᠠᠶ᠋ᠢᠭ᠂ ᠣᠷᠣᠯᠭ᠎ᠠ ᠵᠠᠷᠤᠯᠭ᠎ᠠ ᠵᠡᠷᠭᠡ ᠲᠠᠯ᠎ᠠ ᠪᠠᠷ ᠳᠥᠷᠪᠡᠳᠦᠭᠡᠷ ᠤᠯᠠᠷᠢᠯ ᠤᠨ ᠠᠵᠢᠯ ᠳᠤ ᠵᠢᠯᠣᠭᠤᠳᠣᠯᠭ᠎ᠠ ᠬᠢᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤ ᠦᠷᠭᠦᠯᠵᠢᠯᠡᠨ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢ ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠴᠢᠩᠭ᠎ᠠ ᠠᠩᠬᠠᠷᠴᠤ᠂ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠡᠯ᠎ᠡ ᠵᠤᠶᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠡᠯ᠎ᠡ ᠵᠤᠶᠢᠯ ᠤᠨ ᠪᠣᠳᠠᠲᠠᠶ ᠬᠦᠴᠢᠷᠳᠡᠯ ᠢ ᠦᠨᠡᠨᠬᠦ ᠰᠠᠶᠢᠲᠤᠷ ᠰᠢᠢᠳᠪᠤᠷᠢᠯᠡᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠳᠥᠷᠪᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠤᠭᠲᠤᠬᠤ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠰᠠᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃           ᠢᠷᠡᠯᠲᠡ᠄ ᠳ᠋ᠢᠶᠠᠨ ᠽᠢ ᠪᠠᠯᠭᠠᠰᠤ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3