ᠴᠧᠩ ᠭᠤᠸᠠᠨ ᠪᠠᠯᠭᠠᠰᠤ᠄ ᠲᠥᠯᠥᠭᠡᠯᠡᠭᠴᠢ ᠭᠡᠰᠢᠭᠦᠳ ᠬᠠᠮᠲᠤ ᠪᠠᠷ ᠬᠥᠳᠡᠯᠦᠯᠴᠡᠵᠦ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠬᠢᠵᠢᠭᠦᠯᠵᠦ ᠥᠯᠢᠭᠡᠷ ᠳᠠᠭᠤᠷᠢᠶᠠᠯ ᠪᠣᠯᠬᠤ ᠬᠡᠷᠡᠭᠲᠡᠶ
ᠨᠡᠶᠢᠲᠡᠯᠡᠭᠰᠡᠨ ᠴᠠᠭ᠄
2023/11/16
     ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠨ ᠤ ᠬᠤᠲᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠦᠨ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠃ ᠣᠶᠢᠷ᠎ᠠ ᠳᠤ᠂ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠥᠩᠭᠡ ᠪᠤᠳᠤᠭ ᠨᠡᠮᠡᠷᠢᠯᠡᠪᠡ᠃          ︽ᠤᠬᠠᠭᠤᠯᠤᠭᠴᠢ︾ ᠪᠣᠯᠵᠣ᠂ ᠤᠬᠠᠭᠤᠯᠭ᠎ᠠ ᠶᠢᠨ ᠠᠵᠢᠯᠯᠠᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠴᠧᠩ ᠭᠤᠸᠠᠨ ᠪᠠᠯᠭᠠᠰᠤᠨ ᠤ ᠲᠥᠯᠥᠭᠡᠯᠡᠭᠴᠢ ᠭᠡᠰᠢᠭᠦᠳ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤᠷᠠᠨ ᠤᠬᠠᠭᠤᠯᠬᠤ ᠠᠩᠭᠢ ᠪᠠᠶᠢᠭᠤᠯᠵᠤ᠂ ᠭᠤᠤᠯ ᠵᠠᠮ᠂ ᠵᠢᠵᠢᠭ ᠲᠣᠭᠤᠷᠢᠭ ᠤᠨ ᠠᠰᠠᠷ ᠲᠠᠭᠲᠤ᠂ ᠰᠣᠶᠣᠯ ᠤᠨ ᠠᠭᠤᠳᠠᠮ ᠲᠠᠯᠠᠪᠠᠶ ᠵᠡᠷᠭᠡ ᠬᠥᠮᠦᠨ ᠣᠯᠠᠨ ᠴᠤᠭᠯᠠᠷᠠᠭᠰᠠᠨ ᠭᠠᠵᠠᠷ ᠲᠤ ᠭᠦᠨᠵᠡᠭᠡᠶᠢᠷᠡᠵᠦ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠭᠡᠰᠢᠭᠦᠨ᠂ ᠣᠯᠠᠨ ᠲᠦᠮᠡᠨ ᠢ ᠳᠠᠶᠢᠴᠢᠯᠠᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠳᠡᠮᠵᠢᠵᠦ᠂ ᠣᠯᠠᠨ ᠲᠦᠮᠡᠨ ᠤ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠵᠢᠴᠢ ᠬᠠᠨᠤᠮᠵᠢᠲᠠᠶ ᠨᠣᠷᠮ᠎ᠠ ᠶᠢ ᠳᠡᠭᠡᠭᠰᠢᠯᠡᠭᠦᠯᠪᠡ᠃      ︽ᠤᠶᠢᠯᠡᠴᠢᠯᠡᠭᠴᠢ︾ ᠪᠣᠯᠵᠣ᠂ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠳᠤ ᠬᠦᠴᠦ ᠨᠡᠮᠡᠷᠢᠯᠡᠨ᠎ᠡ᠃ ᠲᠥᠯᠥᠭᠡᠯᠡᠭᠴᠢ ᠭᠡᠰᠢᠭᠦᠳ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠦᠮᠡᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠲᠤᠳᠬᠠᠬᠤ ᠲᠤᠬᠠᠢ ᠲᠠᠨᠢᠯᠲᠠ ᠪᠠ ᠣᠷᠣᠯᠴᠠᠬᠤ ᠬᠠᠯᠠᠭᠤᠨ ᠰᠡᠳᠬᠢᠯᠭᠡ ᠶᠢ ᠦᠨᠡᠨᠬᠦ ᠴᠢᠩᠭᠠᠳᠬᠠᠵᠤ᠂ ᠲᠡᠳᠡ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠠᠮ ᠤᠨ ᠭᠡᠰᠢᠭᠦᠨ ᠤᠯᠠᠨ ᠲᠦᠮᠡᠨ ᠢ ᠳᠠᠭᠠᠭᠤᠯᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠬᠠᠷᠢᠶ᠎ᠠ ᠣᠷᠣᠨ ᠤ ᠳᠣᠲᠣᠷᠠᠬᠢ ᠵᠢᠵᠢᠭ ᠵᠠᠷ ᠮᠡᠳᠡᠭᠡ ᠶᠢ ᠰᠠᠨᠠᠭᠠᠴᠢᠯᠠᠭ᠎ᠠ ᠠᠴᠠ ᠪᠠᠨ ᠴᠡᠪᠡᠷᠯᠡᠵᠦ᠂ ᠬᠤᠳᠠ ᠶᠢᠨ ᠲᠣᠭᠤᠷᠢᠭ ᠤᠨ ᠬᠤᠭ ᠨᠣᠪᠰᠢ ᠶᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠪᠡ᠃      ︽ᠬᠤᠯᠪᠣᠭᠠᠴᠢᠨ︾ ᠪᠣᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠲᠠᠢ ᠬᠠᠷᠢᠯᠴᠠᠬᠤ ᠬᠡᠷᠡᠭᠲᠡᠶ᠃ ᠲᠥᠯᠥᠭᠡᠯᠡᠭᠴᠢ ᠭᠡᠰᠢᠭᠦᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠲᠠᠯ᠎ᠠ ᠪᠠᠷ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠰᠠᠭᠤᠭᠠᠯᠢ ᠠᠷᠠᠳ ᠤᠨ ᠵᠦᠢ ᠵᠣᠬᠢᠰᠲᠠᠶ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠰᠠᠭᠤᠭᠠᠯᠢ ᠠᠷᠠᠳ ᠤᠨ ︽ᠪᠠᠴᠢᠮ ᠪᠡᠷᠬᠡ ᠵᠣᠪᠠᠨᠢᠯ ᠬᠦᠰᠡᠯ︾᠎ ᠤᠨ ᠠᠰᠠᠭᠤᠳᠠᠯ ᠢ ᠢᠳᠡᠪᠬᠢᠲᠡᠶ ᠪᠠᠷ ᠬᠠᠪᠰᠤᠷᠤᠨ ᠰᠢᠢᠳᠪᠤᠷᠢᠯᠡᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠨᠡᠩ ᠰᠠᠶᠢᠲᠤᠷ ᠪᠠᠬᠢᠵᠢᠭᠦᠯᠬᠦ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃      ᠴᠧᠩ ᠭᠤᠸᠠᠨ ᠪᠠᠯᠭᠠᠰᠤᠨ ᠤ ᠲᠥᠯᠥᠭᠡᠯᠡᠭᠴᠢ ᠭᠡᠰᠢᠭᠦᠳ ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠬᠤᠳᠠ ᠪᠠᠯᠭᠠᠰᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ᠂ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃      ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ᠠᠵᠢᠯᠯᠠᠬᠤ ᠠᠷᠭ᠎ᠠ ᠪᠠᠨ ᠤᠯᠠᠮ ᠴᠢᠨᠠᠭᠰᠢᠳᠠ ᠰᠢᠨᠡᠴᠢᠯᠡᠵᠦ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠦᠨᠡᠨᠬᠦ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠦᠨᠡᠨ ᠰᠡᠳᠬᠢᠯ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ᠃           ᠢᠷᠡᠯᠲᠡ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3