ᠰᠢᠩ ᠾᠧ ᠰᠢᠶᠠᠨ 2023 ᠣᠨ ᠤ ᠡᠮᠡᠭᠲᠡᠶ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/16
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠮᠠᠨ ᠤ ᠰᠢᠶᠠᠨ ᠤ ᠡᠮᠡᠭᠲᠡᠶ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ 11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ᠰᠢᠩ ᠾᠧ ᠰᠢᠶᠠᠨ ᠤ 2023 ᠣᠨ ᠤ ᠡᠮᠡᠭᠲᠡᠶ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶ ᠰᠢᠶᠤᠤ ᠬᠤᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠬᠠᠶ ᠶᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃     ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 2 ᠡᠳᠦᠷ ᠪᠣᠯᠤᠨ᠎ᠠ᠂ ᠪᠣᠯᠪᠠᠰᠤᠷᠠᠭᠤᠯᠤᠯ ᠢ ᠣᠨᠣᠯ ᠢ ᠤᠬᠠᠭᠤᠯᠤᠨ ᠲᠠᠶᠢᠯᠪᠤᠷᠢᠯᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠤᠨ ᠭᠤᠣᠯ ᠠᠭᠤᠯᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤ ᠡᠮᠡᠭᠲᠡᠶᠢᠴᠦᠳ ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠡᠮᠡᠭᠲᠡᠶ ᠺᠠᠳ᠋ᠷᠴᠤᠳ ᠤᠨ ᠠᠯᠪᠠᠨ ᠶᠠᠪᠤᠳᠠᠯ ᠤᠨ ᠶᠣᠰᠣ ᠵᠢᠷᠤᠮ ᠪᠣᠯᠤᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠯᠭᠡ ᠵᠡᠷᠭᠡ ᠶᠢ ᠭᠦᠨᠵᠡᠭᠡᠶ ᠰᠤᠷᠤᠯᠴᠠᠬᠤ ᠶᠠᠪᠤᠳᠠᠯ ᠪᠣᠯᠤᠨ᠎ᠠ᠃ ᠪᠦᠬᠦ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠮᠡᠭᠲᠡᠶᠢᠴᠦᠳ ᠤᠨ ᠵᠥᠪᠯᠡᠯ ᠤᠨ ᠡᠷᠬᠢᠯᠡᠭᠴᠢ ᠨᠡᠶᠢᠳᠡ 160 ᠭᠠᠷᠤᠢ ᠡᠮᠡᠭᠲᠡᠢ ᠺᠠᠳ᠋ᠷ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠳᠤ ᠵᠢᠭᠠᠵᠤ ᠭᠠᠷᠭᠠᠭᠰᠠᠨ ᠨᠢ᠂ ᠣᠨᠣᠯ ᠤᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠪᠣᠯ ᠭᠤᠣᠯ ᠰᠡᠳᠦᠪᠲᠦ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠪᠦᠬᠦ ᠰᠤᠷᠤᠭᠴᠢᠳ ᠣᠪᠣᠷ ᠢᠶᠠᠨ ᠲᠥᠪ ᠪᠣᠯᠭᠠᠵᠤ᠂ ᠨᠠᠷᠢᠨ ᠬᠢᠨᠠᠮᠠᠭᠠᠢ ᠰᠤᠷᠤᠯᠴᠠᠬᠤ ᠰᠠᠶᠢᠨ ᠰᠤᠷᠲᠠᠯ ᠢ ᠪᠠᠳᠠᠷᠠᠭᠤᠯᠵᠤ᠂ ᠲᠤᠰ ᠤᠳᠠᠭ᠎ᠠ ᠶᠢᠨ ᠪᠣᠯᠪᠠᠰᠤᠷᠠᠯ ᠢ ᠮᠡᠳᠡᠯᠭᠡ ᠪᠠᠨ ᠨᠡᠮᠡᠭᠳᠡᠭᠦᠯᠬᠦ ︽ᠲᠤᠰᠤ ᠨᠡᠮᠡᠬᠦ ᠦᠷᠳᠡᠭᠡ︾ ᠪᠠ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ ︽ᠰᠣᠯᠢᠯᠴᠠᠭᠠᠨ ᠤ ᠦᠷᠳᠡᠭᠡ︾ ᠪᠣᠯᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠰᠤᠷᠤᠯᠴᠠᠵᠦ ᠰᠡᠳᠬᠢᠬᠦ ᠤᠬᠠᠮᠰᠠᠷᠠᠵᠤ ᠦᠢᠯᠡᠳᠦᠯᠭᠡᠵᠢᠭᠦᠯᠬᠦ ᠶᠢ ᠴᠢᠩᠭᠠᠳᠬᠠᠵᠤ᠂ ᠪᠦᠬᠦ ᠰᠢᠶᠠᠨ ᠤ ᠡᠮᠡᠭᠲᠡᠶᠢᠴᠦᠳ ᠤᠨ ᠠᠵᠢᠯ ᠪᠣᠯᠤᠨ ᠡᠮᠡᠭᠲᠡᠶᠢᠴᠦᠳ ᠤᠨ ᠠᠵᠢᠯ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠬᠤ᠂ ᠵᠤᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷ᠎ᠡ ᠪᠦᠲᠦᠮᠵᠢ ᠲᠠᠢ᠂ ᠳᠡᠭᠡᠭᠰᠢᠯᠡᠯᠲᠡ ᠲᠠᠢ ᠪᠣᠯᠬᠤ ᠶᠢ ᠠᠬᠢᠭᠤᠯᠵᠤ᠂ ᠡᠮᠡᠭᠲᠡᠶᠢᠴᠦᠳ ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃      ᠲᠤᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ᠂ ᠰᠤᠷᠤᠭᠴᠢᠳ ᠡᠨᠡ ᠤᠳᠠᠭ᠎ᠠ ᠶᠢᠨ ᠰᠤᠷᠤᠯᠴᠠᠯᠭ᠎ᠠ ᠪᠠᠷ ᠰᠢᠨ᠎ᠡ ᠭᠠᠷᠤᠭ᠎ᠠ᠂ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠤᠨᠤᠯ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠪᠠᠨ ᠪᠠᠶᠠᠯᠢᠭᠵᠢᠭᠤᠯᠵᠤ᠂ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠡᠮᠡᠭᠲᠡᠶᠢᠴᠦᠳ ᠤᠯᠠᠨ ᠲᠦᠮᠡᠨ ᠤ ᠢᠲᠡᠭᠡᠯ ᠲᠠᠢ᠂ ᠨᠠᠶᠢᠳᠠᠪᠤᠷᠢ ᠲᠠᠢ᠂ ᠰᠠᠯᠵᠤ ᠪᠣᠯᠤᠰᠢ ᠦᠭᠡᠢ ᠲᠥᠷᠬᠦᠮ ᠤᠨ ᠭᠡᠷ ᠪᠤᠯᠵᠤ᠂ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠪᠦᠷᠢᠨ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠭᠠᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃              ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3