ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠤᠯᠠᠮ | ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳ᠋ᠢᠶᠠᠨ ᠽᠢ | ᠪᠠᠯᠭᠠᠰᠤ ᠶᠢᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠠᠵᠢᠯ ᠢ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ | ᠰᠠᠬᠢᠬᠤ ᠶᠢᠨ ᠴᠢᠬᠤᠯᠠ ᠭᠠᠷᠳᠠᠴᠠ ᠪᠣᠯᠭᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠵᠢᠷᠤᠮᠯᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ᠂ | ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠪᠠᠯᠭᠠᠰᠤ ᠶᠢᠨ ᠳᠥᠷᠪᠡᠳᠦᠭᠡᠷ ᠤᠯᠠᠷᠢᠯ ᠤᠨ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠦᠬᠦ | ᠲᠠᠯ᠎ᠠ ᠪᠠᠷ ᠯᠠᠪᠳᠠᠭᠤᠨ ᠪᠠᠲᠤᠲᠠᠢ ᠥᠷᠨᠢᠭᠦᠯᠵᠡᠢ᠃ | ᠡᠯ᠎ᠡ ᠲᠣᠰᠬᠤᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠨᠢᠭᠡᠳᠦᠭᠡᠷ ᠱᠦᠵᠢ᠂ ᠠᠵᠢᠯᠯᠠᠬᠤ | ᠠᠩᠭᠢ ᠶᠢᠨ ᠪᠦᠷᠢᠯᠳᠦᠬᠦᠨ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠨᠢᠭᠲᠠ ᠬᠠᠮᠵᠢᠯᠴᠠᠨ᠂ ᠵᠣᠬᠢᠴᠠᠯᠳᠤᠨ | ᠬᠥᠳᠡᠯᠦᠯᠴᠡᠵᠦ᠂ ᠳᠤᠭᠤᠶᠢᠯᠠᠩ ᠬᠤᠪᠢᠶᠠᠨ ᠡᠷᠦᠬᠡ ᠳᠠᠷᠠᠭᠠᠯᠠᠨ ᠡᠷᠦᠬᠡ ᠳᠤ ᠬᠦᠷᠴᠦ ᠪᠠᠶᠢᠴᠠᠭᠠᠨ ᠵᠢᠭᠰᠠᠭᠠᠬᠤ ᠠᠵᠢᠯ ᠢ | ᠬᠢᠵᠦ᠂ ︽ᠠᠷᠪᠠᠨ ᠲᠥᠷᠥᠯ︾ ᠤᠨ ᠭᠤᠤᠯᠳᠠᠯᠭ᠎ᠠ ᠲᠠᠢ ᠡᠲᠡᠭᠡᠳ᠂ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠢᠨᠠᠨ | ᠰᠢᠯᠭᠠᠬᠤ ᠡᠲᠡᠭᠡᠳ᠂ ᠡᠩ ᠤᠨ ᠡᠷᠦᠬᠡ ᠶᠢᠨ ᠤᠶᠢᠯᠡᠳᠪᠤᠷᠢᠯᠡᠯ ᠠᠮᠢᠳᠤᠷᠠᠯ ᠤᠨ ᠪᠠᠶᠢᠳᠠᠯ᠂ ᠠᠵᠢᠯ ᠬᠥᠳᠡᠯᠮᠦᠷᠢ ᠵᠢᠴᠢ | ᠣᠷᠣᠯᠭ᠎ᠠ᠂ ᠡᠪᠡᠳᠴᠢᠨ ᠦᠵᠡᠭᠦᠯᠬᠦ᠂ ᠠᠵᠤ ᠤᠶᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠡᠳᠡᠭᠡ | ᠵᠠᠩᠭᠢ ᠶᠢ ᠬᠢᠨᠠᠮᠠᠭᠠᠶ ᠴᠤᠭᠯᠠᠭᠤᠯᠵᠤ᠂ ︽ᠮᠠᠰᠢᠨ᠂ ᠲᠠᠩᠰᠠ᠂ ᠺᠠᠷᠲ᠂ ᠪᠣᠳᠠᠲᠠᠶ︾ ᠶᠢ ᠨᠢᠭᠡᠳᠦᠯᠲᠡᠶ ᠪᠠᠶᠢᠯᠭᠠᠬᠤ ᠶᠢ | ᠦᠨᠡᠨᠬᠦ ᠪᠠᠲᠤᠯᠠᠵᠤ᠂ ︽ᠬᠤᠤᠰ ᠭᠠᠷ ᠤᠨ ᠥᠰᠥᠭ ᠵᠢᠷᠤᠬᠤ︾ ᠶᠢ ᠨᠠᠶᠢᠳᠠᠪᠤᠷᠢᠵᠢᠭᠤᠯᠤᠨ᠎ᠠ᠃ | ᠡᠷᠦᠬᠡ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠲᠠᠷᠢᠶᠠᠴᠢᠨ ᠡᠷᠦᠬᠡ ᠶᠢᠨ ᠬᠡᠷ ᠪᠦᠯᠢ ᠶᠢᠨ | ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠬᠡᠷᠡᠭᠯᠡᠯᠲᠡ᠂ ᠵᠣᠷᠯᠣᠩ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ | ᠲᠣᠰᠬᠤᠨ ᠤ ᠠᠷᠠᠳ ᠲᠤ ᠳᠠᠬᠢᠨ ᠶᠠᠳᠠᠭᠤᠷᠠᠬᠤ ᠶᠢ ᠬᠢᠨᠠᠨ ᠰᠢᠯᠭᠠᠬᠤ ᠡᠲᠡᠭᠡᠳ ᠤᠨ ᠭᠤᠶᠤᠴᠢᠯᠠᠨ ᠮᠡᠳᠡᠭᠦᠯᠬᠦ᠂ ᠠᠮᠤᠷ | ᠲᠦᠪᠰᠢᠨ ᠤᠤᠭᠤᠬᠤ ᠤᠰᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠲᠠᠶᠢᠯᠪᠤᠷᠢᠯᠠᠨ ᠥᠭᠴᠦ᠂ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ᠂ ᠡᠮ | ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠠᠰᠠᠭᠤᠳᠠᠯ ᠳᠤ | ᠬᠠᠷᠢᠭᠤᠯᠲᠠ ᠥᠭᠴᠡᠶ᠃ | ᠡᠭᠦᠨ ᠤ ᠬᠠᠮᠲᠤ᠂ ᠪᠠᠯᠭᠠᠰᠤ ᠠᠴᠠ ᠲᠤᠰᠬᠠᠢ ᠵᠢᠯᠣᠭᠤᠳᠬᠤ ᠳᠤᠭᠤᠶᠢᠯᠠᠩ ᠪᠠᠶᠢᠭᠤᠯᠵᠤ᠂ ᠤᠢᠢᠷ᠎ᠠ ᠶᠢᠨ | ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠲᠣᠰᠬᠤᠨ᠂ ᠵᠤᠷᠪᠤᠰ ᠳᠠᠷᠠᠭᠠᠯᠠᠨ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠤᠨ᠎ᠠ᠃ ᠳᠥᠷᠪᠡᠳᠦᠭᠡᠷ | ᠤᠯᠠᠷᠢᠯ ᠤᠨ ᠡᠷᠦᠬᠡ ᠳᠤ ᠣᠷᠣᠵᠤ ᠬᠦᠰᠦᠨᠦᠭ ᠲᠡᠮᠲᠡᠷᠢᠬᠦ ᠵᠡᠷᠭᠡ ᠠᠯᠢ ᠣᠯᠠᠨ ᠠᠵᠢᠯ ᠤᠨ ᠲᠠᠩᠰᠠ ᠡᠪᠬᠡᠮᠡᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠬᠦᠰᠦᠨᠦᠭ ᠲᠠᠭᠯᠠᠬᠤ ᠯᠣᠭᠢᠭ᠂ ᠡᠷᠦᠬᠡ ᠳᠤ ᠣᠷᠣᠵᠤ ᠵᠢᠭᠰᠠᠭᠠᠨ | ᠪᠠᠶᠢᠴᠠᠭᠠᠬᠤ ᠠᠷᠭ᠎ᠠ ᠮᠠᠶ᠋ᠢᠭ᠂ ᠣᠷᠣᠯᠭ᠎ᠠ ᠵᠠᠷᠤᠯᠭ᠎ᠠ ᠵᠡᠷᠭᠡ ᠲᠠᠯ᠎ᠠ ᠪᠠᠷ ᠳᠥᠷᠪᠡᠳᠦᠭᠡᠷ ᠤᠯᠠᠷᠢᠯ ᠤᠨ ᠠᠵᠢᠯ ᠳᠤ | ᠵᠢᠯᠣᠭᠤᠳᠣᠯᠭ᠎ᠠ ᠬᠢᠬᠦ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤ ᠦᠷᠭᠦᠯᠵᠢᠯᠡᠨ ᠭᠤᠣᠯᠳᠠᠯᠭ᠎ᠠ ᠲᠠᠢ ᠬᠥᠮᠦᠰ ᠲᠤ | ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢ ᠠᠩᠬᠠᠷᠴᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠴᠢᠩᠭ᠎ᠠ ᠠᠩᠬᠠᠷᠴᠤ᠂ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ | ᠪᠦᠷᠢᠨᠰᠢᠬᠦᠯᠵᠦ᠂ ᠡᠯ᠎ᠡ ᠵᠤᠶᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠣᠯᠠᠨ | ᠲᠦᠮᠡᠨ ᠤ ᠡᠯ᠎ᠡ ᠵᠤᠶᠢᠯ ᠤᠨ ᠪᠣᠳᠠᠲᠠᠶ ᠬᠦᠴᠢᠷᠳᠡᠯ ᠢ ᠦᠨᠡᠨᠬᠦ ᠰᠠᠶᠢᠲᠤᠷ ᠰᠢᠢᠳᠪᠤᠷᠢᠯᠡᠵᠤ᠂ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠳᠥᠷᠪᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠯᠲᠡ ᠶᠢᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠤᠭᠲᠤᠬᠤ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠰᠠᠨ | ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ | ᠢᠷᠡᠯᠲᠡ᠄ ᠳ᠋ᠢᠶᠠᠨ ᠽᠢ ᠪᠠᠯᠭᠠᠰᠤ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |