ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 20 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/17
      11 ᠰᠠᠷ᠎ᠠ ᠶᠢᠨ 15᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 20 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠲᠣᠭᠤᠷᠢᠨ ᠰᠣᠨᠣᠰᠴᠤ ᠰᠤᠯᠠ ᠰᠣᠨᠣᠰᠬᠤ ᠬᠤᠶᠠᠳᠤᠭᠠᠷ ᠳᠤᠭᠤᠶᠢᠯᠠᠩ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ — ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾᠂ ︽ᠭᠤᠨᠢᠭᠲᠤ ᠵᠦᠴᠦᠭᠡ ᠶᠢ ᠲᠠᠬᠢᠨ ᠲᠣᠭᠯᠠᠭᠤᠯᠬᠤ ᠦᠭᠡᠢ︾᠂ ︽ᠬᠡᠷᠡᠭ ᠢᠶᠠᠷ ᠲᠤᠯᠢ ᠪᠣᠯᠭᠠᠬᠤ ᠰᠡᠷᠡᠮᠵᠢ ᠶᠢᠨ ᠬᠤᠩᠬᠤ ᠶᠢ ᠡᠭᠦᠷᠢᠳᠡ ᠬᠠᠩᠭᠢᠨᠠᠭᠤᠯᠤᠶ᠎ᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠳᠡᠯ ᠤᠨ ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ︾᠎ ᠢ ᠲᠥᠪᠯᠡᠷᠡᠩᠭᠦᠢ ᠦᠵᠡᠭᠰᠡᠨ ᠪᠥᠭᠡᠳ ︽ᠠᠳᠡᠯ ᠤᠨ ᠰᠤᠷᠭᠠᠮᠵᠢ ᠶᠢ ᠡᠷᠭᠢᠴᠡᠭᠦᠯᠦᠨ ᠪᠣᠳᠣᠯᠬᠢᠯᠠᠵᠤ᠂ ᠠᠮᠤᠷ ᠲᠦᠪᠰᠢᠨ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠸᠠᠩ ᠬᠤᠢ ᠢᠦᠢ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠠᠯᠢᠪᠠ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ᠂ ᠨᠡᠩ ᠴᠤ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠨᠢᠭᠡ ᠮᠥᠴᠡ ᠴᠦ ᠵᠣᠭᠰᠣᠭᠠᠵᠤ ᠪᠣᠯᠬᠤ ᠦᠭᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠤᠬᠠᠮᠰᠠᠷ ᠠᠴᠠ ᠪᠠᠨ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠤᠱᠯᠠᠭᠤᠯᠬᠤ ᠬᠡᠷᠡᠭᠲᠡᠢ᠃ ︽ᠰᠡᠷᠭᠡᠶᠢᠯᠡᠬᠦ ᠨᠢ ᠭᠠᠮᠰᠢᠭ ᠠᠴᠠ ᠠᠪᠤᠷᠠᠬᠤ ᠠᠴᠠ ᠢᠯᠡᠭᠦᠦ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ ᠪᠠᠶᠢᠯᠳᠤᠭᠠᠨᠴᠢᠯᠠᠭᠰᠠᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠪᠣᠯᠪᠠᠰᠤᠷᠠᠯ ᠢ ᠱᠠᠳᠤ ᠬᠤᠪᠢᠶᠠᠨ ᠬᠦᠷᠢᠶ᠎ᠡ ᠬᠤᠪᠢᠶᠠᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ ᠂ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾᠂ ︽ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠩᠬᠠᠨ ᠤ ᠬᠢᠴᠢᠶᠡᠯ︾᠎ ᠢ ᠰᠠᠶᠢᠲᠤᠷ ᠣᠷᠣᠭᠤᠯᠵᠤ᠂ ᠥᠷᠭᠡᠨ ᠤᠯᠠᠨ ᠲᠦᠮᠡᠨ ᠪᠣᠯᠤᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠸᠠᠩ  ᠬᠤᠢ ᠢᠦᠶ ᠴᠢᠩᠭᠠᠳᠬᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾᠎ ᠢ ᠴᠢᠩᠭ᠎ᠠ ᠨᠠᠶᠢᠳᠠᠪᠤᠷᠢᠵᠢᠭᠤᠯᠵᠤ ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠠᠪᠤᠨ ᠵᠦᠢᠯ ᠤᠨ ᠲᠦᠷᠢᠮ ᠤᠨ ᠲᠣᠭᠲᠠᠴᠠ ᠶᠣᠰᠣᠭᠠᠷ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠪᠠᠶᠢᠷᠢᠰᠢᠯ ᠢ ᠪᠤᠢ ᠪᠣᠯᠭᠠᠵᠤ ᠂ ᠪᠦᠬᠦ ᠰᠢᠶᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3