ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠠᠭᠤᠷ ᠠᠮᠢᠰᠬᠤᠯ ᠬᠦᠢᠲᠡᠷᠡᠵᠦ᠂ ᠳᠤᠯᠠᠭᠠᠯᠠᠭ᠎ᠠ ᠶᠢᠨ | ᠨᠡᠭᠦᠷᠡᠰᠦ ᠬᠡᠷᠡᠭᠯᠡᠬᠦ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠳᠬᠢᠯ ᠤᠨ ᠶᠠᠪᠤᠳᠠᠯ ᠪᠣᠯᠵᠣ᠂ ᠰᠠᠭᠤᠭᠠᠯᠢ | ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ | ᠠᠷᠠᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ 11 | ᠰᠠᠷ᠎ᠠ ᠶᠢᠨ 10 ᠤ ᠡᠳᠦᠷ᠂ ᠰᠢᠨ ᠴᠧᠩ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠵᠠᠯᠭᠠᠪᠡᠷ 275 ᠲᠣᠨ | ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠵᠤ᠂ ᠲᠥᠯᠥᠭᠡᠯᠡᠭᠴᠢᠳ ᠭᠡᠰᠢᠭᠦᠳ ᠴᠦ ᠲᠤᠰ ᠤᠳᠠᠭ᠎ᠠ ᠶᠢᠨ ︽ | ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠳᠤ ᠢᠳᠡᠪᠬᠢᠲᠡᠢ ᠣᠷᠣᠯᠴᠠᠵᠤ᠂ ᠰᠠᠭᠤᠭᠠᠯᠢ ᠠᠷᠠᠳ ᠤᠨ ︽ | ᠨᠡᠭᠦᠷᠡᠰᠦ︾ ᠰᠢᠲᠠᠭᠠᠬᠤ ᠪᠠᠴᠢᠮ ᠠᠰᠠᠭᠤᠳᠠᠯ ᠢ ᠰᠢᠢᠳᠪᠦᠷᠢᠯᠡᠪᠡ᠃ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠬᠤ ᠠᠵᠢᠯ ᠨᠢ ᠣᠳᠣᠬᠠᠨ ᠤ ᠠᠷᠠᠳ ᠤᠨ | ᠠᠮᠢᠳᠤᠷᠠᠯ ᠤᠨ ᠨᠢᠭᠡ ᠵᠦᠢᠯ ᠤᠨ ᠴᠢᠬᠤᠯᠠ ᠠᠵᠢᠯ ᠪᠣᠯᠤᠭᠰᠠᠨ ᠤ ᠬᠤᠪᠢ ᠳᠤ᠂ ᠡᠭᠦᠨ ᠠᠴᠠ ᠡᠮᠦᠨ᠎ᠡ ᠨᠡᠶᠢᠭᠡᠮ | ᠲᠣᠭᠤᠷᠢᠭ ᠤᠨ ᠬᠢᠨ ᠨᠢᠭᠡᠨᠲᠡ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠡᠷᠡᠭᠰᠡᠬᠦ ᠰᠠᠭᠤᠭᠠᠯᠢ ᠠᠷᠠᠳ ᠢ ᠳᠠᠩᠰᠠᠯᠠᠵᠤ | ᠂ ᠤᠷᠢᠳᠴᠢᠯᠠᠨ ᠵᠠᠬᠢᠶᠠᠯᠠᠭᠰᠠᠨ ᠨᠡᠷᠡᠰ ᠢ ᠦᠨᠳᠦᠰᠦᠯᠡᠪᠡᠯ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠦᠷᠴᠦ | ᠢᠷᠡᠭᠰᠡᠨ ᠤ ᠳᠠᠷᠠᠭ᠎ᠠ᠂ ᠰᠠᠭᠤᠭᠠᠯᠢ ᠠᠷᠠᠳ ᠲᠤ ᠵᠠᠯᠭᠠᠪᠡᠷ ᠤᠲᠠᠰᠤᠳᠠᠵᠤ᠂ ᠴᠥᠭᠡᠨ ᠪᠤᠰᠤ ᠰᠠᠭᠤᠭᠠᠯᠢ ᠠᠷᠠᠳ ᠭᠤᠷᠪᠠᠨ | ᠬᠦᠷᠳᠦᠲᠦ ᠲᠡᠷᠭᠡ ᠪᠠᠨ ᠵᠢᠯᠣᠭᠤᠳᠤᠨ ᠨᠡᠭᠦᠷᠡᠰᠦ ᠪᠠᠭᠤᠯᠭᠠᠬᠤ ᠲᠤᠬᠠᠢ ᠶᠢᠨ ᠲᠠᠯᠠᠪᠠᠢ ᠳᠤ ᠬᠦᠯᠢᠶᠡᠵᠦ᠂ ᠤᠳᠬᠤᠭᠤᠷ | ᠲᠡᠷᠭᠡᠨ ᠤ ᠬᠦᠩᠭᠢᠨᠡᠮ᠎ᠡ ᠳᠠᠭᠤᠨ ᠤ ᠳᠤᠮᠳᠠ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠡᠷᠭᠡᠨ ᠳᠤ ᠬᠤᠪᠢᠶᠠᠨ | ᠲᠡᠭᠡᠭᠡᠵᠦ᠂ ᠲᠡᠷᠭᠡᠨ ᠳᠤ ᠠᠴᠢᠬᠤ᠂ ᠵᠢᠩᠯᠡᠬᠦ᠂ ᠭᠠᠷ ᠤᠨ ᠦᠰᠦᠭ ᠵᠢᠷᠤᠬᠤ ᠵᠡᠷᠭᠡ ᠠᠵᠢᠯ ᠡᠮᠬᠢ ᠳᠢᠭᠯᠢᠮ ᠲᠠᠢ ᠶᠠᠪᠤᠭᠳᠠᠵᠤ | ᠂ ᠲᠡᠷᠭᠡᠨ ᠳᠤ ᠰᠠᠭᠤᠯᠭᠠᠭᠰᠠᠨ ᠰᠠᠭᠤᠭᠠᠯᠢ ᠠᠷᠠᠳ ᠴᠢᠷᠠᠢ ᠳᠦᠭᠦᠷᠡᠩ ᠢᠨᠢᠶᠡᠮᠰᠦᠭᠯᠡᠨ ᠪᠠᠶᠠᠷᠯᠠᠭᠰᠠᠨ ᠰᠡᠳᠬᠢᠯᠭᠡ ᠪᠠᠨ | ᠦᠭᠡ ᠶᠠᠷᠢᠶ᠎ᠠ ᠪᠠᠷ ᠢᠯᠡᠳᠬᠡᠵᠦ᠂ ᠡᠪᠦᠯᠵᠢᠬᠦ ᠨᠡᠭᠦᠷᠡᠰᠦ ᠶᠢ ᠭᠡᠷ ᠲᠡᠭᠡᠨ ᠪᠠᠶᠠᠷ ᠬᠦᠷ ᠲᠠᠢ ᠪᠠᠷ ᠵᠥᠭᠡᠭᠡᠪᠦᠷᠢᠯᠡᠨ ᠠᠪᠴᠢᠷᠠᠵᠠᠢ | ᠭᠡᠵᠦ ᠮᠡᠳᠡᠭᠳᠡᠪᠡ᠃ ᠲᠥᠯᠥᠭᠡᠯᠡᠭᠴᠢᠳ ᠭᠡᠰᠢᠭᠦᠳ ᠪᠥᠬᠦ ᠶᠠᠪᠤᠴᠠ ᠳᠤ ᠣᠷᠣᠯᠴᠠᠵᠤ᠂ ᠲᠤᠬᠠᠶ ᠶᠢᠨ ᠲᠠᠯᠠᠪᠤᠷ ᠤᠨ | ᠪᠠᠶᠢᠳᠠᠯ ᠢ ᠪᠠᠶᠢᠴᠠᠭᠠᠨ ᠦᠵᠡᠬᠦ᠂ ᠲᠠᠷᠬᠠᠭᠠᠬᠤ ᠡᠬᠡ ᠲᠠᠩᠰᠠ ᠶᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠬᠢᠨᠠᠯᠲᠠ ᠲᠠᠯᠪᠢᠵᠤ᠂ ᠰᠠᠭᠤᠭᠠᠯᠢ ᠠᠷᠠᠳ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠲᠤᠬᠠᠶ ᠬᠠᠨᠤᠮᠵᠢ ᠶᠢᠨ | ᠬᠡᠮᠵᠢᠶ᠎ᠡ ᠶᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠬᠠᠷᠢᠭᠤ ᠰᠤᠷᠪᠤᠯᠵᠢᠯᠠᠨ ᠪᠠᠶᠢᠴᠠᠭᠠᠭᠰᠠᠨ ᠪᠠᠶᠢᠳᠠᠯ ᠢᠶᠠᠨ ᠴᠠᠭ | ᠲᠤᠬᠠᠶ ᠳᠤᠨᠢ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠳᠤ ᠬᠠᠷᠢᠭᠤ ᠲᠤᠰᠬᠠᠵᠤ᠂ ︽ | ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠠᠷᠠᠳ ᠤᠨ ᠰᠡᠳᠬᠢᠯ ᠢ ᠦᠨᠡᠨ ᠬᠦ ᠳᠤᠯᠠᠭᠠᠴᠠᠭᠤᠯᠪᠠ᠃ ᠲᠥᠯᠥᠭᠡᠯᠡᠭᠴᠢ | ᠭᠡᠰᠢᠭᠦᠳ ᠪᠠᠰᠠ ᠰᠠᠭᠤᠭᠠᠯᠢ ᠠᠷᠠᠳ ᠲᠤ ᠨᠡᠭᠦᠷᠡᠰᠦ ᠶᠢ ᠠᠮᠤᠷ ᠲᠦᠪᠰᠢᠨ ᠢᠶᠠᠷ ᠬᠡᠷᠡᠭᠯᠡᠬᠦ᠂ ᠨᠡᠭᠦᠷᠡᠰᠦᠲᠥ᠋ᠷᠥᠭᠴᠢ ᠶᠢᠨ | ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠬᠦ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ | ᠠᠷᠠᠳ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠬᠠᠯᠠᠮᠵᠢᠯᠠᠨ ᠬᠠᠯᠠᠮᠵᠢᠯᠠᠵᠤ ᠰᠠᠭᠤᠭᠠᠯᠢ | ᠠᠷᠠᠳ ᠤᠨ ᠰᠡᠳᠬᠢᠯ ᠳᠤ ᠳᠤᠯᠠᠭᠠᠴᠠᠭᠤᠯᠵᠠᠢ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠤᠭ ᠰᠠᠨᠠᠭ᠎ᠠ ᠶᠢ ᠨᠢᠭᠡᠳ ᠨᠢᠭᠡ ᠪᠠᠷ | ᠢᠯᠡᠷᠡᠭᠦᠯᠦᠨ᠎ᠡ᠃ ᠰᠢᠨ ᠴᠧᠩ ᠨᠡᠶᠢᠭᠡᠮ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ | ᠪᠣᠯᠭᠠᠵᠤ᠂ ᠲᠥᠯᠥᠭᠡᠯᠡᠭᠴᠢ ᠭᠡᠰᠢᠭᠦᠳ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠳᠤ | ᠣᠷᠣᠯᠴᠠᠬᠤ ᠪᠠᠷ ᠳᠠᠮᠵᠢᠭᠤᠯᠵᠤ᠂ ᠲᠠᠷᠬᠠᠭᠠᠬᠤ ᠠᠵᠢᠯ ᠢ ᠲᠦᠷᠭᠡᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ | ᠪᠦᠲᠦᠮᠵᠢᠲᠡᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠢᠲᠡᠭᠡᠯ ᠤᠨ | ᠲᠦᠷᠦᠭᠳᠡᠯ ᠪᠣᠯᠤᠨ ᠮᠡᠳᠡᠷᠡᠮᠵᠢ ᠶᠢᠨ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ | ᠪᠣᠯᠤᠨ ᠤᠯᠠᠨ ᠲᠦᠮᠡᠨ ᠤ ᠬᠠᠷᠢᠯᠴᠠᠭ᠎ᠠ ᠶᠢ ᠨᠢᠭᠲᠠᠷᠠᠭᠤᠯᠵᠠᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |