ᠰᠢᠨ ᠴᠧᠩ ᠨᠡᠶᠢᠭᠡᠮ ᠲᠣᠭᠤᠷᠢᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠲᠠᠷᠬᠠᠭᠠᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/11/17
      ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠠᠭᠤᠷ ᠠᠮᠢᠰᠬᠤᠯ ᠬᠦᠢᠲᠡᠷᠡᠵᠦ᠂ ᠳᠤᠯᠠᠭᠠᠯᠠᠭ᠎ᠠ ᠶᠢᠨ ᠨᠡᠭᠦᠷᠡᠰᠦ ᠬᠡᠷᠡᠭᠯᠡᠬᠦ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠳᠬᠢᠯ ᠤᠨ ᠶᠠᠪᠤᠳᠠᠯ ᠪᠣᠯᠵᠣ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠦᠨᠡᠨ ᠬᠦ  ᠰᠢᠢᠳᠪᠦᠷᠢᠯᠡᠵᠦ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ 11 ᠰᠠᠷ᠎ᠠ ᠶᠢᠨ 10 ᠤ ᠡᠳᠦᠷ᠂ ᠰᠢᠨ ᠴᠧᠩ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠵᠠᠯᠭᠠᠪᠡᠷ 275 ᠲᠣᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠵᠤ᠂ ᠲᠥᠯᠥᠭᠡᠯᠡᠭᠴᠢᠳ ᠭᠡᠰᠢᠭᠦᠳ ᠴᠦ ᠲᠤᠰ ᠤᠳᠠᠭ᠎ᠠ ᠶᠢᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠳᠤ ᠢᠳᠡᠪᠬᠢᠲᠡᠢ ᠣᠷᠣᠯᠴᠠᠵᠤ᠂ ᠰᠠᠭᠤᠭᠠᠯᠢ ᠠᠷᠠᠳ ᠤᠨ ︽ᠨᠡᠭᠦᠷᠡᠰᠦ︾ ᠰᠢᠲᠠᠭᠠᠬᠤ ᠪᠠᠴᠢᠮ ᠠᠰᠠᠭᠤᠳᠠᠯ ᠢ ᠰᠢᠢᠳᠪᠦᠷᠢᠯᠡᠪᠡ᠃      ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠬᠤ ᠠᠵᠢᠯ ᠨᠢ ᠣᠳᠣᠬᠠᠨ ᠤ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠠᠵᠢᠯ ᠪᠣᠯᠤᠭᠰᠠᠨ ᠤ ᠬᠤᠪᠢ ᠳᠤ᠂ ᠡᠭᠦᠨ ᠠᠴᠠ ᠡᠮᠦᠨ᠎ᠡ ᠨᠡᠶᠢᠭᠡᠮ ᠲᠣᠭᠤᠷᠢᠭ ᠤᠨ ᠬᠢᠨ ᠨᠢᠭᠡᠨᠲᠡ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠡᠷᠡᠭᠰᠡᠬᠦ ᠰᠠᠭᠤᠭᠠᠯᠢ ᠠᠷᠠᠳ ᠢ ᠳᠠᠩᠰᠠᠯᠠᠵᠤ ᠂ ᠤᠷᠢᠳᠴᠢᠯᠠᠨ ᠵᠠᠬᠢᠶᠠᠯᠠᠭᠰᠠᠨ ᠨᠡᠷᠡᠰ ᠢ ᠦᠨᠳᠦᠰᠦᠯᠡᠪᠡᠯ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠬᠦᠷᠴᠦ ᠢᠷᠡᠭᠰᠡᠨ ᠤ ᠳᠠᠷᠠᠭ᠎ᠠ᠂ ᠰᠠᠭᠤᠭᠠᠯᠢ ᠠᠷᠠᠳ ᠲᠤ ᠵᠠᠯᠭᠠᠪᠡᠷ ᠤᠲᠠᠰᠤᠳᠠᠵᠤ᠂ ᠴᠥᠭᠡᠨ ᠪᠤᠰᠤ ᠰᠠᠭᠤᠭᠠᠯᠢ ᠠᠷᠠᠳ ᠭᠤᠷᠪᠠᠨ ᠬᠦᠷᠳᠦᠲᠦ ᠲᠡᠷᠭᠡ ᠪᠠᠨ ᠵᠢᠯᠣᠭᠤᠳᠤᠨ ᠨᠡᠭᠦᠷᠡᠰᠦ ᠪᠠᠭᠤᠯᠭᠠᠬᠤ ᠲᠤᠬᠠᠢ ᠶᠢᠨ ᠲᠠᠯᠠᠪᠠᠢ ᠳᠤ ᠬᠦᠯᠢᠶᠡᠵᠦ᠂ ᠤᠳᠬᠤᠭᠤᠷ ᠲᠡᠷᠭᠡᠨ ᠤ ᠬᠦᠩᠭᠢᠨᠡᠮ᠎ᠡ ᠳᠠᠭᠤᠨ ᠤ ᠳᠤᠮᠳᠠ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠡᠷᠭᠡᠨ ᠳᠤ ᠬᠤᠪᠢᠶᠠᠨ ᠲᠡᠭᠡᠭᠡᠵᠦ᠂ ᠲᠡᠷᠭᠡᠨ ᠳᠤ ᠠᠴᠢᠬᠤ᠂ ᠵᠢᠩᠯᠡᠬᠦ᠂ ᠭᠠᠷ ᠤᠨ ᠦᠰᠦᠭ ᠵᠢᠷᠤᠬᠤ ᠵᠡᠷᠭᠡ ᠠᠵᠢᠯ ᠡᠮᠬᠢ ᠳᠢᠭᠯᠢᠮ ᠲᠠᠢ ᠶᠠᠪᠤᠭᠳᠠᠵᠤ ᠂ ᠲᠡᠷᠭᠡᠨ ᠳᠤ ᠰᠠᠭᠤᠯᠭᠠᠭᠰᠠᠨ ᠰᠠᠭᠤᠭᠠᠯᠢ ᠠᠷᠠᠳ ᠴᠢᠷᠠᠢ ᠳᠦᠭᠦᠷᠡᠩ ᠢᠨᠢᠶᠡᠮᠰᠦᠭᠯᠡᠨ ᠪᠠᠶᠠᠷᠯᠠᠭᠰᠠᠨ ᠰᠡᠳᠬᠢᠯᠭᠡ ᠪᠠᠨ ᠦᠭᠡ ᠶᠠᠷᠢᠶ᠎ᠠ ᠪᠠᠷ ᠢᠯᠡᠳᠬᠡᠵᠦ᠂ ᠡᠪᠦᠯᠵᠢᠬᠦ ᠨᠡᠭᠦᠷᠡᠰᠦ ᠶᠢ ᠭᠡᠷ ᠲᠡᠭᠡᠨ ᠪᠠᠶᠠᠷ ᠬᠦᠷ ᠲᠠᠢ ᠪᠠᠷ ᠵᠥᠭᠡᠭᠡᠪᠦᠷᠢᠯᠡᠨ ᠠᠪᠴᠢᠷᠠᠵᠠᠢ ᠭᠡᠵᠦ ᠮᠡᠳᠡᠭᠳᠡᠪᠡ᠃ ᠲᠥᠯᠥᠭᠡᠯᠡᠭᠴᠢᠳ ᠭᠡᠰᠢᠭᠦᠳ ᠪᠥᠬᠦ ᠶᠠᠪᠤᠴᠠ ᠳᠤ ᠣᠷᠣᠯᠴᠠᠵᠤ᠂ ᠲᠤᠬᠠᠶ ᠶᠢᠨ ᠲᠠᠯᠠᠪᠤᠷ ᠤᠨ ᠪᠠᠶᠢᠳᠠᠯ ᠢ ᠪᠠᠶᠢᠴᠠᠭᠠᠨ ᠦᠵᠡᠬᠦ᠂ ᠲᠠᠷᠬᠠᠭᠠᠬᠤ ᠡᠬᠡ ᠲᠠᠩᠰᠠ ᠶᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠲᠠᠯᠪᠢᠵᠤ᠂ ᠰᠠᠭᠤᠭᠠᠯᠢ ᠠᠷᠠᠳ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠲᠤᠬᠠᠶ ᠬᠠᠨᠤᠮᠵᠢ ᠶᠢᠨ ᠬᠡᠮᠵᠢᠶ᠎ᠡ ᠶᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠬᠠᠷᠢᠭᠤ ᠰᠤᠷᠪᠤᠯᠵᠢᠯᠠᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠳᠤ ᠬᠠᠷᠢᠭᠤ ᠲᠤᠰᠬᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠠᠷᠠᠳ ᠤᠨ ᠰᠡᠳᠬᠢᠯ ᠢ ᠦᠨᠡᠨ ᠬᠦ ᠳᠤᠯᠠᠭᠠᠴᠠᠭᠤᠯᠪᠠ᠃ ᠲᠥᠯᠥᠭᠡᠯᠡᠭᠴᠢ ᠭᠡᠰᠢᠭᠦᠳ ᠪᠠᠰᠠ ᠰᠠᠭᠤᠭᠠᠯᠢ ᠠᠷᠠᠳ ᠲᠤ ᠨᠡᠭᠦᠷᠡᠰᠦ ᠶᠢ ᠠᠮᠤᠷ ᠲᠦᠪᠰᠢᠨ ᠢᠶᠠᠷ ᠬᠡᠷᠡᠭᠯᠡᠬᠦ᠂ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠬᠦ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠬᠠᠯᠠᠮᠵᠢᠯᠠᠨ ᠬᠠᠯᠠᠮᠵᠢᠯᠠᠵᠤ ᠰᠠᠭᠤᠭᠠᠯᠢ ᠠᠷᠠᠳ ᠤᠨ ᠰᠡᠳᠬᠢᠯ ᠳᠤ ᠳᠤᠯᠠᠭᠠᠴᠠᠭᠤᠯᠵᠠᠢ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠤᠭ ᠰᠠᠨᠠᠭ᠎ᠠ ᠶᠢ ᠨᠢᠭᠡᠳ ᠨᠢᠭᠡ ᠪᠠᠷ ᠢᠯᠡᠷᠡᠭᠦᠯᠦᠨ᠎ᠡ᠃ ᠰᠢᠨ ᠴᠧᠩ ᠨᠡᠶᠢᠭᠡᠮ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠥᠯᠥᠭᠡᠯᠡᠭᠴᠢ ᠭᠡᠰᠢᠭᠦᠳ ᠤᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠳᠤ ᠣᠷᠣᠯᠴᠠᠬᠤ ᠪᠠᠷ ᠳᠠᠮᠵᠢᠭᠤᠯᠵᠤ᠂ ᠲᠠᠷᠬᠠᠭᠠᠬᠤ ᠠᠵᠢᠯ ᠢ ᠲᠦᠷᠭᠡᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠪᠦᠲᠦᠮᠵᠢᠲᠡᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠢᠲᠡᠭᠡᠯ ᠤᠨ ᠲᠦᠷᠦᠭᠳᠡᠯ ᠪᠣᠯᠤᠨ ᠮᠡᠳᠡᠷᠡᠮᠵᠢ ᠶᠢᠨ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠪᠣᠯᠤᠨ ᠤᠯᠠᠨ ᠲᠦᠮᠡᠨ ᠤ ᠬᠠᠷᠢᠯᠴᠠᠭ᠎ᠠ ᠶᠢ ᠨᠢᠭᠲᠠᠷᠠᠭᠤᠯᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3