ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠬᠥᠭᠵᠢᠯᠲᠡ ᠶᠢᠨ | ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ 11 ᠰᠠᠷ᠎ᠠ ᠶᠢᠨ 13 ᠤ ᠡᠳᠦᠷ ᠠᠴᠠ 11 ᠰᠠᠷ᠎ᠠ ᠶᠢᠨ 17 ᠤ | ᠡᠳᠦᠷ ᠪᠣᠯᠲᠠᠯ᠎ᠠ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠴᠢᠩ ᠱᠠᠨ | ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠲᠠᠢ ᠬᠠᠮᠲᠤᠷᠠᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ | ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ ᠠᠵᠢᠯ ᠤᠨ | ᠳᠤᠬᠢᠷᠠᠭᠤᠯᠤᠯᠳᠠ ᠶᠣᠰᠣᠭᠠᠷ᠂ ᠱᠠᠨᠳᠦ᠋ᠩ ᠮᠤᠵᠢ ᠶᠢᠨ ᠯᠢᠨ ᠢ ᠬᠤᠳᠠ ᠶᠢᠨ ᠢ ᠮᠧᠩ ᠺᠠᠳ᠋ᠷ ᠤᠨ ᠳᠡᠭᠡᠳᠦ | ᠰᠤᠷᠭᠠᠭᠤᠯᠢ ᠳᠤ ᠰᠢᠩ ᠡᡁᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ | ᠪᠣᠯᠪᠠᠰᠤᠷᠠᠯ ᠤᠨ ᠠᠩᠬᠢ ᠶᠢ ᠡᠷᠬᠢᠯᠡᠪᠡ᠃ | ᠰᠢᠩ ᠡᡁᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠫᠠᠨ ᠸᠧᠨ᠂ ᠸᠠᠩ ᠵᠧᠩ ᠢ ᠪᠣᠯᠪᠠᠰᠤᠷᠠᠯ ᠳᠤ ᠣᠷᠣᠯᠴᠠᠭᠰᠠᠨ ᠪᠥᠭᠡᠳ ᠲᠤᠰ ᠲᠤᠰ ᠶᠠᠷᠢᠶ᠎ᠠ ᠲᠠᠯᠪᠢᠵᠠᠢ᠃ | ᠪᠦᠬᠦ ᠰᠢᠶᠠᠨ ᠤ 9 ᠰᠢᠶᠠᠩ ᠪᠠᠯᠭᠠᠰᠤᠨ ᠤ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠵᠣᠬᠢᠶᠠᠨ | ᠪᠠᠶᠢᠭᠤᠯᠬᠤ ᠬᠡᠯᠲᠡᠰ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠤᠪᠴᠢᠶ᠎ᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠪᠴᠢᠶ᠎ᠡ ᠵᠡᠷᠭᠡ ᠰᠠᠯᠠᠭ᠎ᠠ ᠮᠥᠴᠢᠷ ᠤᠨ 30 ᠺᠠᠳ᠋ᠷ ᠪᠣᠯᠪᠠᠰᠤᠷᠠᠯ ᠤᠨ ᠠᠩᠬᠢ ᠳᠤ | ᠣᠷᠣᠯᠴᠠᠪᠠ᠃ ᠲᠤᠰ ᠤᠳᠠᠭᠠᠨ ᠤ ᠪᠣᠯᠪᠠᠰᠤᠷᠠᠯ ᠢ ᠯᠢᠨ ᠢ ᠬᠤᠲᠠ ᠶᠢᠨ ᠬᠡᠪᠴᠢᠶᠡᠨ ᠳᠠᠬᠢ ᠵᠢᠴᠢ ᠡᠷᠭᠢᠨ | ᠲᠣᠭᠤᠷᠢᠨ ᠤ ᠤᠯᠠᠭᠠᠨ᠂ ᠪᠣᠬᠢᠷᠲᠤᠯ ᠦᠭᠡᠶ ᠡᠬᠢ ᠪᠠᠶᠠᠯᠢᠭ ᠲᠠᠢ ᠤᠶᠠᠯᠳᠤᠭᠤᠯᠵᠤ᠂ ᠬᠤᠪᠢᠰᠬᠠᠯ ᠤᠨ ᠰᠣᠶᠣᠯ ᠤᠨ | ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢ ᠯᠦ ᠶᠢᠨ ᠥᠯᠢᠭᠡᠷ ᠳᠠᠭᠤᠷᠢᠶᠠᠯ᠂ | ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠦᠨ ᠳᠠᠭᠠᠭᠤᠯᠵᠤ | ᠠᠬᠢᠭᠤᠯᠬᠤ᠂ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠬᠤᠷᠰᠢᠶ᠎ᠠ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠴᠢᠳᠠᠪᠤᠷᠢᠲᠠᠨ ᠢ ᠡᠯᠰᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠵᠢᠭᠠᠨ ᠰᠤᠷᠭᠠᠯᠲᠠ | ᠥᠷᠨᠢᠭᠦᠯᠵᠦ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ | ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠬᠠᠷᠠᠭᠠᠨ ᠳᠠᠪᠲᠠᠮᠵᠢ ᠪᠠᠷ ᠵᠢᠭᠠᠨ ᠰᠤᠷᠭᠠᠬᠤ᠂ ᠵᠢᠭᠠᠨ | ᠰᠤᠷᠭᠠᠯᠲᠠ ᠶᠢᠨ ᠶᠠᠰᠤ ᠴᠢᠨᠠᠷ ᠢ ᠰᠢᠯᠭᠠᠨ ᠦᠨᠡᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠶᠠᠪᠤᠭᠳᠠᠭᠤᠯᠵᠤ᠂ | ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠨᠢ ᠠᠮᠢᠳᠤᠯᠢᠭ᠂ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ ᠪᠠ | ᠬᠡᠷᠡᠭᠯᠡᠭᠡᠨ ᠤ ᠴᠢᠨᠠᠷ ᠢᠶᠠᠷ ᠮᠠᠰᠢ ᠴᠢᠩᠭ᠎ᠠ ᠪᠠᠶᠢᠳᠠᠭ᠃ | ᠪᠣᠯᠪᠠᠰᠤᠷᠠᠯ ᠤᠨ ᠳᠤᠮᠳᠠ᠂ ᠯᠢᠨ ᠢ ᠬᠤᠳᠠ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠪᠣᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠡᠷᠡᠭ ᠤᠨ ᠵᠢᠱᠢᠶ᠎ᠡ ᠶᠢ ᠲᠣᠭᠤᠷᠢᠨ | ᠦᠵᠡᠵᠦ᠂ ᠤᠷᠢᠳ ᠬᠤᠵᠢᠳ ᠢ ᠮᠤᠩ ᠤᠨ ᠬᠤᠪᠢᠰᠬᠠᠯ ᠤᠨ ᠳᠤᠷᠠᠰᠬᠠᠯ ᠤᠨ ᠣᠷᠳᠣᠨ᠂ ᠣᠷᠣᠯᠠᠭᠴᠢ | ᠲᠣᠰᠬᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠲᠤᠰᠤ | ᠰᠢᠬᠠᠬᠤ ᠭᠤᠤ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠡᠷᠭᠡ ᠤᠯᠠᠨ ᠭᠠᠵᠠᠷ ᠲᠤ ᠬᠦᠷᠴᠦ | ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ ᠰᠤᠷᠤᠭᠴᠢᠳ ᠴᠥᠮ | ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ | ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠬᠥᠭᠵᠢᠯᠲᠡ ᠬᠤᠪᠢᠷᠠᠯᠲᠠ ᠶᠢ ᠦᠵᠡᠳᠡᠭ᠃ ᠢᠯᠠᠩᠭᠤᠶ᠎ᠠ ᠠᠵᠤ | ᠦᠢᠯᠡᠰ ᠤᠨ ᠬᠥᠭᠵᠢᠯᠲᠡ ᠶᠢᠨ ᠲᠦᠷᠦᠯ ᠲᠡᠮᠳᠡᠭ ᠤᠨ ᠪᠠᠶᠢᠭᠤᠯᠤᠯᠲᠠ᠂ ᠬᠥᠭᠵᠢᠯᠲᠡ ᠶᠢᠨ ᠰᠡᠳᠬᠢᠴᠡ ᠵᠢᠴᠢ | ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠵᠡᠷᠭᠡ ᠶᠢᠨ | ᠵᠦᠷᠢᠶ᠎ᠡ ᠶᠢ ᠡᠷᠢᠵᠦ᠂ ᠲᠤᠷᠰᠢᠯᠭ᠎ᠠ ᠰᠤᠷᠤᠯᠴᠠᠵᠤ᠂ ᠰᠤᠷᠤᠯᠴᠠᠯᠭ᠎ᠠ ᠶᠢᠨ ᠳᠤᠮᠳᠠ ᠪᠠᠨ ᠦᠨᠡᠨ ᠨᠣᠮ ᠢ ᠡᠵᠡᠮᠰᠢᠵᠦ᠂ | ᠰᠡᠳᠬᠢᠴᠡ ᠪᠠᠨ ᠡᠮᠬᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |