ᠰᠢᠩ ᠾᠧ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/21
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ 11 ᠰᠠᠷ᠎ᠠ ᠶᠢᠨ 13 ᠤ ᠡᠳᠦᠷ ᠠᠴᠠ 11 ᠰᠠᠷ᠎ᠠ ᠶᠢᠨ 17 ᠤ ᠡᠳᠦᠷ ᠪᠣᠯᠲᠠᠯ᠎ᠠ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠴᠢᠩ ᠱᠠᠨ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠲᠠᠢ ᠬᠠᠮᠲᠤᠷᠠᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠤᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ ᠠᠵᠢᠯ ᠤᠨ ᠳᠤᠬᠢᠷᠠᠭᠤᠯᠤᠯᠳᠠ ᠶᠣᠰᠣᠭᠠᠷ᠂ ᠱᠠᠨᠳᠦ᠋ᠩ ᠮᠤᠵᠢ ᠶᠢᠨ ᠯᠢᠨ ᠢ ᠬᠤᠳᠠ ᠶᠢᠨ ᠢ ᠮᠧᠩ ᠺᠠᠳ᠋ᠷ ᠤᠨ ᠳᠡᠭᠡᠳᠦ ᠰᠤᠷᠭᠠᠭᠤᠯᠢ ᠳᠤ ᠰᠢᠩ ᠡᡁᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠡᠷᠬᠢᠯᠡᠪᠡ᠃      ᠰᠢᠩ ᠡᡁᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠫᠠᠨ ᠸᠧᠨ᠂ ᠸᠠᠩ ᠵᠧᠩ ᠢ ᠪᠣᠯᠪᠠᠰᠤᠷᠠᠯ ᠳᠤ ᠣᠷᠣᠯᠴᠠᠭᠰᠠᠨ ᠪᠥᠭᠡᠳ ᠲᠤᠰ ᠲᠤᠰ ᠶᠠᠷᠢᠶ᠎ᠠ ᠲᠠᠯᠪᠢᠵᠠᠢ᠃ ᠪᠦᠬᠦ ᠰᠢᠶᠠᠨ ᠤ 9 ᠰᠢᠶᠠᠩ ᠪᠠᠯᠭᠠᠰᠤᠨ ᠤ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠵᠣᠬᠢᠶᠠᠨ ᠪᠠᠶᠢᠭᠤᠯᠬᠤ ᠬᠡᠯᠲᠡᠰ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠤᠪᠴᠢᠶ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ ᠵᠡᠷᠭᠡ ᠰᠠᠯᠠᠭ᠎ᠠ ᠮᠥᠴᠢᠷ ᠤᠨ 30 ᠺᠠᠳ᠋ᠷ ᠪᠣᠯᠪᠠᠰᠤᠷᠠᠯ ᠤᠨ ᠠᠩᠬᠢ ᠳᠤ ᠣᠷᠣᠯᠴᠠᠪᠠ᠃ ᠲᠤᠰ ᠤᠳᠠᠭᠠᠨ ᠤ ᠪᠣᠯᠪᠠᠰᠤᠷᠠᠯ ᠢ ᠯᠢᠨ ᠢ ᠬᠤᠲᠠ ᠶᠢᠨ ᠬᠡᠪᠴᠢᠶᠡᠨ ᠳᠠᠬᠢ ᠵᠢᠴᠢ ᠡᠷᠭᠢᠨ ᠲᠣᠭᠤᠷᠢᠨ ᠤ ᠤᠯᠠᠭᠠᠨ᠂ ᠪᠣᠬᠢᠷᠲᠤᠯ ᠦᠭᠡᠶ ᠡᠬᠢ ᠪᠠᠶᠠᠯᠢᠭ ᠲᠠᠢ ᠤᠶᠠᠯᠳᠤᠭᠤᠯᠵᠤ᠂ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢ ᠯᠦ ᠶᠢᠨ ᠥᠯᠢᠭᠡᠷ ᠳᠠᠭᠤᠷᠢᠶᠠᠯ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠦᠨ ᠳᠠᠭᠠᠭᠤᠯᠵᠤ ᠠᠬᠢᠭᠤᠯᠬᠤ᠂ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠬᠤᠷᠰᠢᠶ᠎ᠠ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠡᠯᠰᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠵᠢᠭᠠᠨ ᠰᠤᠷᠭᠠᠯᠲᠠ ᠥᠷᠨᠢᠭᠦᠯᠵᠦ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ ᠬᠠᠷᠠᠭᠠᠨ ᠳᠠᠪᠲᠠᠮᠵᠢ ᠪᠠᠷ ᠵᠢᠭᠠᠨ ᠰᠤᠷᠭᠠᠬᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠢᠯᠭᠠᠨ ᠦᠨᠡᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠨᠢ ᠠᠮᠢᠳᠤᠯᠢᠭ᠂ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢᠶᠠᠷ ᠮᠠᠰᠢ ᠴᠢᠩᠭ᠎ᠠ ᠪᠠᠶᠢᠳᠠᠭ᠃      ᠪᠣᠯᠪᠠᠰᠤᠷᠠᠯ ᠤᠨ ᠳᠤᠮᠳᠠ᠂ ᠯᠢᠨ ᠢ ᠬᠤᠳᠠ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠡᠷᠡᠭ ᠤᠨ  ᠵᠢᠱᠢᠶ᠎ᠡ ᠶᠢ ᠲᠣᠭᠤᠷᠢᠨ ᠦᠵᠡᠵᠦ᠂ ᠤᠷᠢᠳ ᠬᠤᠵᠢᠳ ᠢ ᠮᠤᠩ ᠤᠨ ᠬᠤᠪᠢᠰᠬᠠᠯ ᠤᠨ ᠳᠤᠷᠠᠰᠬᠠᠯ ᠤᠨ ᠣᠷᠳᠣᠨ᠂ ᠣᠷᠣᠯᠠᠭᠴᠢ ᠲᠣᠰᠬᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠲᠤᠰᠤ ᠰᠢᠬᠠᠬᠤ ᠭᠤᠤ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠡᠷᠭᠡ ᠤᠯᠠᠨ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ ᠰᠤᠷᠤᠭᠴᠢᠳ ᠴᠥᠮ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠬᠥᠭᠵᠢᠯᠲᠡ ᠬᠤᠪᠢᠷᠠᠯᠲᠠ ᠶᠢ ᠦᠵᠡᠳᠡᠭ᠃ ᠢᠯᠠᠩᠭᠤᠶ᠎ᠠ ᠠᠵᠤ ᠦᠢᠯᠡᠰ ᠤᠨ ᠬᠥᠭᠵᠢᠯᠲᠡ ᠶᠢᠨ ᠲᠦᠷᠦᠯ ᠲᠡᠮᠳᠡᠭ ᠤᠨ ᠪᠠᠶᠢᠭᠤᠯᠤᠯᠲᠠ᠂ ᠬᠥᠭᠵᠢᠯᠲᠡ ᠶᠢᠨ ᠰᠡᠳᠬᠢᠴᠡ ᠵᠢᠴᠢ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠵᠡᠷᠭᠡ ᠶᠢᠨ ᠵᠦᠷᠢᠶ᠎ᠡ ᠶᠢ ᠡᠷᠢᠵᠦ᠂ ᠲᠤᠷᠰᠢᠯᠭ᠎ᠠ ᠰᠤᠷᠤᠯᠴᠠᠵᠤ᠂ ᠰᠤᠷᠤᠯᠴᠠᠯᠭ᠎ᠠ ᠶᠢᠨ ᠳᠤᠮᠳᠠ ᠪᠠᠨ ᠦᠨᠡᠨ ᠨᠣᠮ ᠢ ᠡᠵᠡᠮᠰᠢᠵᠦ᠂ ᠰᠡᠳᠬᠢᠴᠡ ᠪᠠᠨ ᠡᠮᠬᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3