ᠰᠢᠩ ᠾᠧ ᠰᠢᠶᠠᠨ ᠤ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠰᠢᠩ ᠾᠧ ᠰᠢᠶᠠᠨ ᠤ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/22
      ᠰᠢᠶᠠᠨ ᠤ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠡᠯ᠎ᠡ ᠪᠦᠷᠢᠯᠳᠦᠬᠦᠨ ᠨᠢᠭᠡᠴᠡ ᠳᠤ᠄      ᠡᠳᠦᠭᠡ ︽ᠰᠢᠩ ᠾᠧ ᠰᠢᠶᠠᠨ ᠤ ᠲᠥᠪ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ︾᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃      ᠰᠢᠩ ᠾᠧ ᠰᠢᠶᠠᠨ ᠤ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠤᠷᠠᠯ ᠤᠨ ᠠᠯᠪᠠᠨ ᠭᠡᠷ      2021 ᠣᠨ ᠤ 01 ᠰᠠᠷ᠎ᠠ ᠶᠢᠨ 5᠎ ᠤ ᠡᠳᠦᠷ      ︵ᠬᠠᠷᠢᠯᠴᠠᠬᠤ ᠬᠥᠮᠦᠨ᠄ ᠵᠠᠩ ᠵᠠᠨ ᠵᠢᠶᠦ᠋ᠨ︔ ᠬᠠᠷᠢᠯᠴᠠᠬᠤ ᠤᠲᠠᠰᠤ᠄ 0474 — 7212556︶      ᠰᠢᠩ ᠾᠧ ᠰᠢᠶᠠᠨ ᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ      ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠠᠷᠠᠭᠤᠯᠵᠤ᠂ ︽ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠳᠤᠮᠳᠠ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ︽ᠬᠡᠨ ᠲᠣᠭᠲᠠᠭᠠᠭᠰᠠᠨ ᠪᠣᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠲᠥᠪ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠵᠤ ᠵᠠᠭᠠᠯᠳᠤᠬᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠲᠥᠪ ᠭᠤᠤᠯᠴᠢ ᠪᠠᠷ ᠥᠷᠢᠰᠦᠯᠳᠦᠬᠦ ᠲᠦᠷᠢᠮ ᠤᠨ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃      ᠨᠢᠭᠡ᠂ ᠲᠤᠰ ᠲᠣᠭᠲᠠᠴᠠ ᠳᠤ ᠬᠡᠯᠡᠵᠦ ᠪᠠᠶᠢᠭ᠎ᠠ ᠭᠤᠣᠯᠴᠢ ᠥᠷᠢᠰᠥᠯᠳᠦᠭᠡᠨ ᠳᠤ ᠬᠤᠯᠪᠣᠭᠳᠠᠭᠰᠠᠨ ᠬᠢᠨᠠᠨ ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠭᠡᠳᠡᠭ ᠨᠢ ᠪᠠᠶᠢᠭᠠᠯᠢ ᠬᠥᠮᠦᠨ ᠢ ᠵᠢᠭᠠᠵᠤ ᠪᠠᠶᠢᠨ᠎ᠠ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠭᠡᠵᠦ ᠦᠵᠡᠭᠰᠡᠨ ᠵᠣᠬᠢᠶᠠᠨ ᠪᠠᠶᠢᠭᠤᠯᠤᠯᠲᠠ ᠳᠣᠷᠣᠭᠰᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠶᠢᠨ ᠲᠣᠭᠲᠠᠭᠠᠭᠰᠠᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠨ ᠨᠡᠶᠢᠲᠡᠯᠡᠭᠰᠡᠨ ᠪᠤᠶᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠥᠬᠡᠶ ᠪᠠᠶᠢᠪᠠᠯ᠂ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃      ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠰᠢᠩ ᠾᠧ ᠰᠢᠶᠠᠨ ᠤ ᠬᠡᠪᠴᠢᠶᠡᠨ ᠳᠤ ᠬᠠᠷᠢᠶᠠᠯᠠᠭᠳᠠᠪᠠᠯ᠂ ᠭᠤᠣᠯᠴᠢ ᠥᠷᠢᠰᠥᠯᠳᠦᠭᠡᠨ ᠳᠤ ᠬᠤᠯᠪᠣᠭᠳᠠᠭᠰᠠᠨ ᠬᠢᠨᠠᠨ ᠪᠠᠶᠢᠴᠠᠭᠠᠯᠲᠠ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠳᠤ ᠲᠤᠰ ᠲᠣᠭᠲᠠᠴᠠ ᠶᠢ ᠬᠡᠷᠡᠭᠯᠡᠨ᠎ᠡ᠃      ᠭᠤᠷᠪᠠ᠂ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ᠂ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠳᠡᠭᠡᠳᠦ ᠱᠠᠲᠤᠨ ᠤ ᠪᠠᠶᠢᠭᠤᠯᠭ᠎ᠠ ᠪᠤᠶᠤ ᠲᠣᠰ ᠱᠠᠲᠤᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠥᠷᠢᠴᠡᠭᠰᠡᠨ ᠰᠡᠵᠢᠭᠯᠡᠯᠲᠡᠶ ᠬᠠᠮᠢᠶ᠎ᠠ ᠪᠥᠬᠦᠶ ᠰᠦᠪᠡᠭᠴᠢ ᠶᠢ ᠲᠤᠰᠬᠠᠵᠤ ᠪᠣᠯᠤᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠠᠶᠢᠪᠠᠯ᠂ ᠵᠣᠬᠢᠬᠤ ᠲᠦᠷᠦ ᠶᠢᠨ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠬᠤᠪᠢᠶᠠᠨ ᠬᠦᠷᠭᠡᠬᠦ ᠬᠡᠷᠡᠭᠲᠡᠢ᠃      ᠳᠥᠷᠪᠡ᠂ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠨᠢᠭᠤᠷᠲᠠᠨ ᠲᠤᠰᠢᠶᠠᠬᠤ᠂ ᠰᠢᠤᠳᠠᠨ ᠢᠶᠠᠷ ᠢᠯᠡᠭᠡᠬᠦ᠂ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠠᠶ ᠯᠢ ᠪᠠᠶᠢᠭᠤᠯᠭ᠎ᠠ ᠳᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ 12345 ᠪᠤᠶᠤ 12315 ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠢᠶᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃      ᠲᠠᠪᠤ᠂ ᠢᠯᠡᠴᠢᠯᠡᠨ ᠮᠡᠳᠡᠭᠦᠯᠦᠭᠴᠢ ᠨᠢ ᠵᠠᠭᠠᠯᠳᠤᠭᠳᠠᠭᠰᠠᠨ ᠢᠯᠡᠴᠢᠯᠡᠨ ᠮᠡᠳᠡᠭᠦᠯᠦᠭᠴᠢ ᠶᠢᠨ ᠨᠡᠷᠡᠶᠢᠳᠦᠯ᠂ ᠬᠠᠶ᠋ᠢᠭ ᠵᠡᠷᠭᠡ ᠮᠡᠳᠡᠭᠡ ᠵᠠᠩᠭᠢ ᠶᠢ ᠬᠠᠩᠭᠠᠵᠤ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠶ ᠪᠤᠰᠤᠳᠴᠢ ᠪᠥᠭᠡᠳ ᠦᠨᠡᠨ ᠪᠣᠳᠠᠲᠠᠶ ᠬᠤᠯᠪᠣᠭᠳᠠᠯ ᠪᠦᠬᠦᠢ ᠮᠠᠲ᠋ᠧᠷᠢᠶᠠᠯ ᠪᠠ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠶ᠃      ᠵᠠᠭᠠᠯᠳᠤᠭᠳᠠᠭᠰᠠᠨ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠨᠢ ᠣᠨᠣᠪᠴᠢ ᠦᠭᠡᠢ᠂ ᠬᠤᠯᠪᠣᠭᠳᠠᠯ ᠪᠦᠬᠦᠢ ᠪᠣᠳᠠᠲᠤ ᠶᠠᠪᠤᠳᠠᠯ ᠨᠢ ᠲᠣᠳᠣᠷᠬᠠᠶ ᠦᠭᠡᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ ᠨᠥᠬᠦᠪᠥᠷᠢᠯᠡᠨ ᠵᠠᠯᠠᠷᠠᠭᠤᠯᠬᠤ ᠶᠢ ᠮᠡᠳᠡᠭᠳᠡᠵᠦ ᠪᠣᠯᠤᠨ᠎ᠠ᠃      ᠦᠨᠡᠨ ᠨᠡᠷ᠎ᠡ ᠪᠠᠷ ᠢᠶᠠᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠨ᠎ᠠ᠃ ᠢᠯᠡᠴᠢᠯᠡᠨ ᠮᠡᠳᠡᠭᠦᠯᠦᠭᠴᠢ ᠥᠪᠡᠷ ᠤᠨ ᠤᠪᠤᠭ ᠨᠡᠷ᠎ᠡ᠂ ᠪᠡᠶ᠎ᠡ ᠶᠢᠨ ᠬᠢᠷᠢ ᠬᠡᠮ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠤᠪᠢ ᠬᠥᠮᠦᠨ ᠤ ᠮᠡᠳᠡᠭᠡ ᠵᠠᠩᠭᠢ ᠪᠠᠨ ᠬᠠᠩᠭᠠᠬᠤ ᠳᠤᠷ᠎ᠠ ᠦᠭᠡᠢ ᠪᠤᠶᠤ ᠢᠯᠡᠴᠢᠯᠡᠨ ᠮᠡᠳᠡᠭᠦᠯᠦᠭᠰᠡᠨ ᠦᠢᠯᠡ ᠠᠵᠢᠯᠯᠠᠭ᠎ᠠ ᠪᠠᠨ ᠢᠯᠡ ᠪᠣᠯᠭᠠᠬᠤ ᠳᠤᠷ᠎ᠠ ᠦᠭᠡᠢ ᠪᠠᠶᠢᠪᠠᠯ᠂ ᠲᠡᠭᠦᠨ ᠢ ᠬᠦᠨᠳᠦᠳᠬᠡᠬᠦ ᠬᠡᠷᠡᠭᠲᠡᠶ᠃ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠨᠡᠷ᠎ᠡ ᠪᠤᠷᠤᠭᠤᠯᠠᠭᠰᠠᠨ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠦᠭᠴᠢ ᠳᠤ ᠬᠡᠯᠡᠵᠦ ᠥᠭᠬᠦ ᠡᠭᠦᠷᠭᠡ ᠶᠢ ᠡᠭᠦᠷᠭᠡᠯᠡᠬᠦ ᠦᠭᠡᠢ᠃      ᠵᠢᠷᠭᠤᠭ᠎ᠠ᠂ ︽ᠬᠡᠨ ᠲᠣᠭᠲᠠᠭᠠᠭᠰᠠᠨ ᠪᠣᠯ ᠲᠡᠷᠡ ᠭᠥᠯᠢᠶᠡᠨ ᠠᠪᠴᠤ ᠰᠢᠢᠳᠪᠦᠷᠢᠯᠡᠬᠦ︾ ᠵᠠᠷᠴᠢᠮ ᠤᠨ ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠭᠤᠯᠭ᠎ᠠ ᠠᠴᠠ ᠵᠣᠬᠢᠬᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠡᠭᠦᠨ ᠳᠤ᠂ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠡᠮᠦᠨ᠎ᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠶ ᠵᠠᠭᠠᠯᠳᠤᠯᠭ᠎ᠠ ᠭᠠᠷᠭᠠᠭᠰᠠᠨ᠂ ᠤᠤᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ ᠰᠠᠯᠠᠭ᠎ᠠ ᠮᠥᠴᠢᠷ ᠨᠢ ᠬᠦᠴᠦᠨ ᠥᠬᠡᠶ ᠪᠣᠯᠭᠠᠭᠳᠠᠭᠰᠠᠨ ᠪᠤᠶᠤ ᠡᠷᠬᠡ ᠲᠤᠰᠢᠶᠠᠯ ᠳᠤᠨᠢ ᠨᠢᠭᠡᠨᠲᠡ ᠲᠣᠬᠢᠷᠠᠭᠤᠯᠤᠯᠲᠠ ᠬᠢᠭᠰᠡᠨ ᠪᠠᠶᠢᠪᠠᠯ᠂ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ ᠠᠴᠠ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ︔ ᠰᠠᠯᠠᠭ᠎ᠠ ᠮᠥᠴᠢᠷ ᠤᠳ ᠣᠷᠣᠯᠠᠨ ᠲᠤᠭᠤᠷᠪᠢᠵᠤ ᠲᠤᠭᠤᠷᠪᠢᠭᠰᠠᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ ᠪᠠᠶᠢᠪᠠᠯ᠂ ᠲᠤᠭᠤᠷᠪᠢᠭᠰᠠᠨ ᠪᠢᠴᠢᠭ ᠮᠠᠲ᠋ᠧᠷᠢᠶᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ︔ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠯᠠᠨ ᠰᠠᠯᠠᠭ᠎ᠠ ᠮᠥᠴᠢᠷ ᠬᠠᠮᠲᠤᠷᠠᠨ ᠲᠣᠭᠲᠠᠭᠠᠵᠤ ᠨᠡᠶᠢᠲᠡᠯᠡᠭᠰᠡᠨ ᠪᠠᠶᠢᠪᠠᠯ᠂ ᠲᠦᠷᠦᠭᠦᠯᠡᠨ ᠭᠦᠢᠴᠡᠳᠭᠡᠬᠦ ᠰᠠᠯᠠᠭ᠎ᠠ ᠮᠥᠴᠢᠷ ᠠᠴᠠ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ᠃      ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠭᠥᠯᠢᠶᠡᠨ ᠠᠪᠤᠭᠰᠠᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠦᠨᠳᠦᠰᠦᠯᠡᠨ ᠳᠡᠭᠡᠷ᠎ᠡ ᠳᠤᠷᠠᠳᠤᠭᠰᠠᠨ ᠵᠠᠷᠴᠢᠮ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠤᠪᠢᠶᠠᠨ ᠬᠦᠷᠭᠡᠵᠦ ᠰᠢᠢᠳᠪᠦᠷᠢᠯᠡᠭᠦᠯᠦᠨ᠎ᠡ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠰᠡᠳ ᠲᠤ ᠪᠢᠴᠢᠭ ᠢᠶᠠᠷ ᠬᠠᠷᠢᠭᠤ ᠲᠤᠰᠬᠠᠬᠤ ᠶᠢᠨ ᠬᠠᠮᠲᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠬᠠᠭᠤᠯᠤᠨ ᠬᠦᠷᠭᠡᠵᠦ ᠳᠠᠩᠰᠠᠯᠠᠭᠤᠯᠬᠤ ᠬᠡᠷᠡᠭᠲᠡᠶ᠃      ᠳᠣᠯᠤᠭ᠎ᠠ᠂ ᠪᠠᠯᠠ ᠣᠷᠣᠭᠤᠯᠤᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠴᠠᠭ ᠲᠤᠬᠠᠶ ᠳᠤᠨᠢ ᠪᠠᠶᠢᠴᠠᠭᠠᠨ ᠬᠠᠷᠭᠤᠭᠤᠯᠵᠤ᠂ ᠪᠠᠶᠢᠴᠠᠭᠠᠵᠤ ᠬᠢᠨᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠳᠣᠤᠷᠠᠬᠢ ᠮᠡᠲᠦ ᠪᠠᠷ ᠰᠢᠢᠳᠪᠦᠷᠢᠯᠡᠬᠦ ᠬᠡᠷᠡᠭᠲᠡᠶ᠄      ︵ᠨᠢᠭᠡ︶ ᠲᠤᠰᠬᠠᠭᠰᠠᠨ ᠪᠠᠶᠢᠳᠠᠯ ᠨᠢ ᠦᠨᠡᠨ ᠪᠣᠳᠠᠲᠠᠶ ᠪᠢᠰᠢ ᠪᠠᠶᠢᠪᠠᠯ᠂ ᠲᠤᠰᠬᠠᠭᠰᠠᠨ ᠬᠥᠮᠦᠨ ᠳᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠪᠢᠴᠢᠭ ᠢᠶᠠᠷ ᠮᠡᠳᠡᠭᠳᠡᠬᠦ ᠬᠡᠷᠡᠭᠲᠡᠶ᠃      ︵ᠬᠤᠶᠠᠷ︶ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ ᠨᠡᠶᠢᠲᠡᠯᠡᠭᠰᠡᠨ ᠥᠬᠡᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠠᠴᠠ ᠴᠠᠭ ᠲᠤᠬᠠᠶ ᠳᠤᠨᠢ ᠨᠥᠬᠦᠨ ᠬᠢᠨᠠᠨ ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠲᠤᠰᠬᠠᠭᠴᠢ ᠳᠤ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠶ᠃      ︵ᠭᠤᠷᠪᠠ︶ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠬᠦ ᠶᠢ ᠵᠣᠭᠰᠣᠭᠠᠬᠤ ᠪᠤᠶᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ︵ᠳᠥᠷᠪᠡ︶ ᠬᠠᠷᠭᠤᠭᠤᠯᠤᠨ ᠪᠠᠶᠢᠴᠠᠭᠠᠬᠤ ᠬᠤᠭᠤᠴᠠᠭᠠᠨ ᠳᠤ᠂ ᠵᠠᠭᠠᠯᠳᠤᠭᠳᠠᠭᠰᠠᠨ ᠢᠯᠡᠴᠢᠯᠡᠨ ᠮᠡᠳᠡᠭᠦᠯᠦᠭᠴᠢ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠢᠶ᠎ᠠ ᠪᠥᠬᠦᠶ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠬᠠᠮᠢᠶ᠎ᠠ ᠪᠥᠬᠦᠶ ᠦᠷ᠎ᠡ ᠳ᠋ᠦᠩ ᠢ ᠠᠷᠢᠯᠭᠠᠭᠰᠠᠨ ᠪᠠᠶᠢᠪᠠᠯ᠂ ᠭᠥᠯᠢᠶᠡᠨ ᠠᠪᠴᠤ  ᠰᠢᠢᠳᠪᠦᠷᠢᠯᠡᠬᠦ ᠪᠠᠶᠢᠭᠤᠯᠭ᠎ᠠ ᠠᠴᠠ ᠬᠠᠷᠭᠤᠭᠤᠯᠤᠨ ᠪᠠᠶᠢᠴᠠᠭᠠᠬᠤ ᠶᠢ ᠳᠠᠭᠤᠰᠬᠠᠵᠤ ᠪᠣᠯᠤᠨ᠎ᠠ᠃      ︵ᠲᠠᠪᠤ︶ ᠬᠢᠨᠠᠨ ᠪᠠᠶᠢᠴᠠᠭᠠᠬᠤ ᠬᠤᠭᠤᠴᠠᠭᠠᠨ ᠳᠤ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠢᠯᠡᠴᠢᠯᠡᠨ ᠮᠡᠳᠡᠭᠦᠯᠦᠭᠴᠢ ᠶᠢᠨ ᠠᠳᠠᠯᠢ ᠨᠢᠭᠡᠨ ᠪᠣᠳᠠᠲᠤ ᠬᠡᠷᠡᠭ ᠢ ᠣᠯᠵᠤ ᠮᠡᠳᠡᠭᠡᠳ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠪᠤᠶᠤ ᠨᠢᠭᠡᠨᠲᠡ ᠳᠡᠭᠡᠷ᠎ᠡ ᠳᠤᠷᠠᠳᠤᠭᠰᠠᠨ ᠵᠢᠷᠤᠮ ᠳᠤ ᠤᠷᠤᠭᠰᠠᠨ ᠢ ᠣᠯᠵᠤ ᠮᠡᠳᠡᠭᠰᠡᠨ ᠪᠠᠶᠢᠪᠠᠯ᠂ ᠬᠢᠨᠠᠨ ᠪᠠᠶᠢᠴᠠᠭᠠᠬᠤ ᠪᠠᠨ ᠳᠠᠭᠤᠰᠬᠠᠬᠤ ᠬᠡᠷᠡᠭᠲᠡᠶ᠃      ︵ᠵᠢᠷᠭᠤᠭ᠎ᠠ︶ ᠬᠢᠨᠠᠨ ᠪᠠᠶᠢᠴᠠᠭᠠᠭᠠᠳ᠂ ᠬᠦᠯᠢᠶᠡᠨ ᠠᠪᠤᠭᠰᠠᠨ ᠪᠠᠶᠢᠭᠤᠯᠭ᠎ᠠ ᠠᠴᠠ ᠲᠥᠪ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠣᠭᠲᠠᠭᠠᠯ ᠢ ᠵᠥᠷᠢᠴᠡᠭᠰᠡᠨ ᠦᠭᠡᠶ ᠭᠡᠵᠦ ᠦᠵᠡᠪᠡᠯ᠂ ᠬᠢᠨᠠᠨ ᠪᠠᠶᠢᠴᠠᠭᠠᠬᠤ ᠶᠢ ᠳᠠᠭᠤᠰᠬᠠᠬᠤ ᠬᠡᠷᠡᠭᠲᠡᠶ᠃      ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠰᠢᠢᠳᠪᠦᠷᠢᠯᠡᠬᠦ ᠲᠣᠭᠲᠠᠭᠠᠯ ᠭᠠᠷᠭᠠᠭᠰᠠᠨ᠂ ᠰᠢᠢᠳᠪᠦᠷᠢᠯᠡᠬᠦ ᠰᠠᠨᠠᠭᠤᠯᠭ᠎ᠠ ᠳᠤᠷᠠᠳᠤᠭᠰᠠᠨ ᠪᠤᠶᠤ ᠬᠢᠨᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃       ᠨᠠᠢᠮᠠ᠂ ᠳᠡᠭᠡᠳᠦ ᠱᠠᠲᠤᠨ ᠤ ᠲᠣᠭᠲᠠᠭᠠᠯ ᠢ ᠦᠨᠳᠦᠰᠦᠯᠡᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠤᠶᠤ ᠴᠢᠬᠤᠯᠠ ᠶᠡᠭᠡ᠂ ᠨᠠᠷᠢᠨ ᠪᠤᠳᠤᠯᠢᠶᠠᠨᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠰ ᠱᠠᠲᠤᠨ ᠤ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠳᠡᠭᠡᠳᠦ ᠱᠠᠲᠤᠨ ᠤ ᠪᠠᠶᠢᠭᠤᠯᠭ᠎ᠠ ᠪᠤᠶᠤ ᠳᠡᠭᠡᠷ᠎ᠡ ᠨᠢᠭᠡ ᠱᠠᠲᠤᠨ ᠤ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠳᠡᠪᠰᠢᠭᠦᠯᠦᠨ ᠭᠥᠯᠢᠶᠡᠨ ᠠᠪᠴᠤ  ᠰᠢᠢᠳᠪᠦᠷᠢᠯᠡᠭᠦᠯᠵᠦ ᠪᠣᠯᠤᠨ᠎ᠠ᠃      ᠶᠢᠰᠦ᠂ ᠢᠯᠡᠴᠢᠯᠡᠨ ᠮᠡᠳᠡᠭᠦᠯᠦᠭᠳᠡᠭᠰᠡᠨ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠤᠶᠤ ᠲᠣᠰ ᠱᠠᠲᠤᠨ ᠤ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠰᠢᠢᠳᠪᠦᠷᠢᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠭᠦᠨ ᠤ ᠲᠣᠭᠲᠠᠭᠠᠯ ᠶᠣᠰᠣᠭᠠᠷ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢ ᠬᠠᠷᠢᠶ᠎ᠠ ᠨᠢᠭᠡᠴᠢ ᠶᠢᠨ ᠢᠶᠠᠨ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠲᠤᠬᠠᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠬᠦᠯᠢᠶᠡᠨ ᠠᠪᠴᠤ  ᠰᠢᠢᠳᠪᠦᠷᠢᠯᠡᠬᠦ ᠬᠡᠷᠡᠭᠲᠡᠶ᠃      ᠠᠷᠪᠠ᠂ ᠬᠦᠯᠢᠶᠡᠨ ᠠᠪᠤᠭᠰᠠᠨ ᠪᠠᠶᠢᠭᠤᠯᠭ᠎ᠠ ᠠᠴᠠ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠯᠡᠴᠢᠯᠡᠨ ᠮᠡᠳᠡᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠨ ᠪᠠᠶᠢᠴᠠᠭᠠᠭᠠᠳ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾᠎ ᠶᠢ ᠵᠥᠷᠢᠴᠡᠭᠰᠡᠨ ᠰᠡᠵᠢᠭᠲᠡᠶ ᠪᠠᠶᠢᠪᠠᠯ᠂ ᠰᠢᠩ ᠾᠧ ᠰᠢᠶᠠᠨ ᠤ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠨᠢᠭᠡᠳᠦᠯᠲᠡᠶ ᠮᠡᠳᠡᠭᠦᠯᠦᠨ ᠬᠦᠷᠭᠡᠵᠦ᠂ ᠰᠢᠩ ᠾᠧ ᠰᠢᠶᠠᠨ ᠤ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠤᠯᠠᠭᠠᠨᠴᠠᠪ ᠬᠤᠲᠠ ᠶᠢᠨ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠵᠦ᠂ ᠤᠯᠠᠭᠠᠨᠴᠠᠪ ᠬᠤᠲᠠ ᠶᠢᠨ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠳᠡᠭᠡᠭᠰᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠮᠡᠳᠡᠭᠦᠯᠵᠦ ᠪᠠᠶᠢᠴᠠᠭᠠᠯᠭᠠᠨ᠎ᠠ᠃      ᠠᠷᠪᠠᠨ ᠨᠢᠭᠡ᠂ ︽ᠬᠡᠨ ᠰᠢᠢᠳᠪᠦᠷᠢᠯᠡᠪᠡᠯ᠂ ᠬᠡᠨ ᠬᠠᠷᠢᠭᠤ ᠥᠭᠬᠦ︾ ᠵᠠᠷᠴᠢᠮ ᠶᠣᠰᠣᠭᠠᠷ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠨᠢᠭᠡᠴᠡ ᠨᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠵᠠᠭᠠᠯᠳᠤᠭᠴᠢ ᠪᠤᠶᠤ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠴᠢ ᠳᠤ ᠬᠠᠷᠢᠭᠤ ᠲᠤᠰᠬᠠᠬᠤ ᠶᠢᠨ ᠬᠠᠮᠲᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ  ᠰᠢᠢᠳᠪᠦᠷᠢᠯᠡᠭᠰᠡᠨ ᠲᠣᠭᠲᠠᠭᠠᠯ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ᠠᠷᠪᠠᠨ ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠂ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ᠂ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠢᠯᠡᠴᠢᠯᠡᠨ ᠮᠡᠳᠡᠭᠦᠯᠦᠭᠳᠡᠭᠴᠢ ᠪᠤᠶᠤ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠠᠵᠢᠯ ᠲᠠᠢ ᠬᠤᠯᠪᠣᠭᠳᠠᠯ ᠦᠭᠡᠢ ᠬᠥᠮᠦᠨ ᠳᠤ ᠵᠠᠳᠠᠷᠠᠭᠤᠯᠵᠤ ᠪᠣᠯᠬᠤ ᠦᠭᠡᠢ᠃      ᠠᠷᠪᠠᠨ ᠭᠤᠷᠪᠠ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠬᠤᠪᠢᠶᠠᠨ ᠬᠦᠷᠭᠡᠬᠦ ᠠᠵᠢᠯ ᠢ ᠰᠠᠶᠢᠲᠤᠷ ᠬᠢᠵᠦ᠂ ᠨᠡᠯᠢᠶᠡᠳ ᠶᠡᠭᠡ ᠮᠠᠷᠭᠤᠭᠠᠨ ᠲᠠᠢ ᠠᠳᠠᠯᠢ ᠰᠡᠳᠦᠪ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ ᠵᠣᠬᠢᠴᠠᠭᠤᠯᠬᠤ ᠶᠢᠨ ᠬᠠᠮᠲᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠲᠥᠪ ᠭᠤᠤᠯᠴᠢ ᠪᠠᠷ ᠪᠤᠯᠢᠶᠠᠯᠳᠤᠨ ᠬᠢᠨᠠᠨ ᠪᠠᠶᠢᠴᠠᠭᠠᠭᠰᠠᠨ ᠪᠠᠶᠢᠳᠠᠯ ᠢ ᠬᠢᠨᠠᠮᠠᠭᠠᠶ ᠴᠤᠭᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠵᠦ᠂ ᠵᠠᠳᠠᠯᠤᠨ ᠰᠢᠨᠵᠢᠯᠡᠵᠦ᠂ ᠮᠡᠳᠡᠭᠡᠯᠡᠬᠦ ᠬᠡᠷᠡᠭᠲᠡᠶ᠃ ᠡᠯ᠎ᠡ ᠨᠢᠭᠡᠴᠡ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠬᠠᠷᠢᠭᠤ ᠥᠭᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠪᠤᠶᠤ ᠬᠠᠮᠢᠶ᠎ᠠ ᠪᠥᠬᠦᠶ ᠰᠠᠨᠠᠭᠤᠯᠭ᠎ᠠ ᠶᠢ ᠴᠠᠭ ᠲᠤᠬᠠᠶ ᠳᠤᠨᠢ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠬᠠᠷᠢᠭᠤ ᠲᠤᠰᠬᠠᠵᠤ᠂ ᠭᠤᠤᠯᠴᠢ ᠥᠷᠢᠰᠥᠯᠳᠦᠭᠡᠨ ᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠬᠠᠷᠢᠭᠤ ᠥᠭᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠶ      ᠠᠷᠪᠠᠨ ᠳᠥᠷᠪᠡ᠂ ᠲᠣᠰ ᠬᠠᠷᠢᠭᠤ ᠥᠭᠬᠦ ᠲᠣᠭᠲᠠᠴᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠰᠢᠩ ᠾᠧ ᠰᠢᠶᠠᠨ ᠤ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3