ᠭᠧ ᠵᠢᠶᠦ᠋ᠨ ᠺᠠᠢ ᠨᠠᠷ ᠰᠢᠩ ᠡᡁᠧ ᠰᠢᠶᠠᠨ ᠳᠤ ᠭᠦᠨᠵᠡᠭᠡᠶᠢᠷᠡᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/11/22
      11 ᠳ᠋ᠦᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠧ ᠵᠢᠶᠦ᠋ᠨ ᠺᠠᠶ ᠨᠠᠷ ᠰᠢᠩ ᠾᠧ ᠰᠢᠶᠠᠨ ᠳᠤ ᠭᠦᠨᠵᠡᠭᠡᠶᠢᠷᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ ᠃ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢ ᠶᠦᠩ ᠭᠠᠩ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠵᠧᠩ ᠢ ᠵᠡᠷᠭᠡ ᠬᠤᠲᠠ ᠰᠢᠶᠠᠨ ᠤ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠭᠧ ᠵᠢᠶᠦ᠋ᠨ ᠺᠠᠢ ᠨᠠᠷ ᠪᠠᠢ ᠮᠧᠢ ᠲᠣᠰᠬᠤᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠰᠢᠯᠢᠳᠡᠭ ᠠᠷᠠᠳ ᠤᠨ ᠣᠷᠣᠨ ᠰᠠᠭᠤᠴᠠ ᠶᠢᠨ ᠲᠦᠷᠦᠯ ᠵᠦᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ ᠲᠣᠰᠬᠤᠨ ᠤ ᠠᠷᠠᠳ ᠢ ᠪᠠᠶᠠᠵᠢᠭᠤᠯᠤᠨ ᠴᠢᠨᠡᠭᠡᠯᠢᠭᠵᠢᠭᠦᠯᠬᠦ ᠶᠢᠨ ᠴᠢᠬᠤᠯᠠ ᠭᠠᠷᠳᠠᠴᠠ ᠮᠥᠨ᠂ ᠬᠥᠳᠡᠭᠡ ᠲᠣᠰᠬᠤᠨ ᠤ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠪᠠ ᠠᠵᠤ ᠦᠢᠯᠡᠰ ᠤᠨ ᠬᠡᠯᠬᠢᠶ᠎ᠡ ᠶᠢᠨ ᠳᠡᠰ ᠳᠡᠪᠰᠢᠬᠦ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠬᠥᠳᠡᠭᠡ ᠲᠣᠰᠬᠤᠨ ᠤ ᠵᠤᠭᠠᠴᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠨ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠬᠡᠷᠡᠭᠲᠡᠢ᠃      ᠵᠢᠶᠠ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯ 2019 ᠣᠨ ᠳᠤ ᠪᠡᠭᠡᠵᠢᠩ ᠠᠴᠠ ᠣᠷᠣᠭᠤᠯᠤᠨ ᠠᠪᠴᠢᠷᠠᠵᠤ᠂ ᠰᠢᠩ ᠾᠧ ᠰᠢᠶᠠᠨ ᠳᠤ ᠳᠠᠩᠰᠠᠯᠠᠭᠤᠯᠤᠨ ᠪᠠᠶᠢᠭᠤᠯᠤᠭᠰᠠᠨ ᠰᠢᠨ᠎ᠡ ᠮᠠᠲ᠋ᠧᠷᠢᠶᠠᠯ ᠤᠨ ᠺᠣᠮᠫᠠᠨᠢ ᠪᠣᠯᠤᠨ᠎ᠠ᠃ ᠺᠣᠮᠫᠠᠨᠢ ᠶᠢᠨ ᠳᠤᠯᠠᠭᠠᠨ ᠢ ᠬᠠᠮᠠᠭᠠᠯᠠᠬᠤ ᠪᠦᠷᠬᠦᠭᠦᠯ ᠤᠨ ᠨᠡᠷᠡᠨ ᠤ ᠭᠡᠷᠡᠯ ᠤᠨ ᠬᠦᠯᠡᠮᠵᠢ ᠳᠤ ᠰᠢᠯᠵᠢᠨ ᠣᠷᠣᠬᠤ ᠳᠤ᠂ ᠭᠧ ᠵᠢᠶᠦ᠋ᠨ ᠺᠠᠢ ᠨᠠᠷ ᠺᠣᠮᠫᠠᠨᠢ ᠶᠢᠨ ᠬᠠᠷᠢᠭᠤᠴᠠᠯᠭᠠᠲᠠᠨ ᠤ ᠰᠢᠨ᠎ᠡ ᠮᠠᠲ᠋ᠧᠷᠢᠶᠠᠯ ᠤᠨ ᠪᠦᠲᠦᠭᠡᠭᠳᠡᠬᠦᠨ ᠤ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃ ᠲᠡᠷᠡ᠂ ᠰᠢᠨ᠎ᠡ ᠮᠠᠲᠧᠷᠢᠶᠠᠯ ᠤᠨ ᠪᠦᠲᠦᠭᠡᠭᠳᠡᠬᠦᠨ ᠤ ᠳᠠᠪᠠᠭᠤᠯᠢᠭ ᠪᠣᠯᠤᠨ ᠮᠡᠷᠭᠡᠵᠢᠯ ᠤᠨ ᠦᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠯᠵᠢᠭᠦᠯᠵᠦ ᠪᠣᠯᠬᠤ ᠳᠤᠯᠠᠭᠠᠨ ᠢ ᠬᠠᠳᠠᠭᠠᠯᠠᠬᠤ ᠪᠦᠷᠬᠦᠪᠴᠢ ᠶᠢᠨ ᠪᠦᠲᠦᠴᠡ ᠲᠠᠢ ᠨᠡᠷᠡᠨ ᠤ ᠭᠡᠷᠡᠯ ᠤᠨ ᠬᠦᠯᠡᠮᠵᠢ ᠶᠢ ᠳᠡᠯᠭᠡᠷᠡᠭᠦᠯᠬᠦ᠂ ᠬᠠᠭᠤᠯᠪᠤᠷᠢᠯᠠᠬᠤ ᠶᠢ ᠪᠡᠶᠡᠯᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠤᠨ ᠵᠢᠱᠢᠶ᠎ᠡ ᠦᠵᠡᠭᠦᠯᠬᠦ ᠲᠣᠰᠬᠤᠨ ᠳᠤ᠂ ᠭᠧ ᠵᠢᠶᠦ᠋ᠨ ᠺᠠᠢ ᠨᠠᠷ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠭᠦᠨᠵᠡᠭᠡᠶᠢᠷᠡᠵᠦ᠂ ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ  ᠵᠢᠱᠢᠶ᠎ᠡ ᠦᠵᠡᠭᠦᠯᠬᠦ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠬᠤᠷᠰᠢᠶ᠎ᠠ ᠪᠣᠯ ᠲᠣᠰᠬᠤᠨ ᠤ ᠬᠠᠮᠲᠤ ᠶᠢᠨ ᠠᠵᠤ ᠠᠬᠤᠶ ᠪᠠ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠵᠠᠯᠠᠭᠤᠴᠤᠳ ᠤᠨ ᠬᠠᠮᠲᠤᠷᠠᠨ ᠡᠭᠦᠰᠭᠡᠨ ᠪᠠᠶᠢᠭᠤᠯᠤᠭᠰᠠᠨ ᠠᠩᠭᠧᠰ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠴᠢ ᠵᠦᠷᠢᠶᠡᠵᠢᠬᠦᠯᠦᠨ ᠪᠣᠷᠳᠣᠵᠤ ᠲᠠᠷᠭᠤᠯᠠᠭᠤᠯᠬᠤ ᠪᠠᠷ ᠭᠤᠤᠯ ᠪᠣᠯᠭᠠᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠤᠨ᠎ᠠ᠃ ᠲᠡᠷᠡ᠂ ᠬᠤᠷᠰᠢᠶ᠎ᠠ ᠨᠢ ᠬᠠᠮᠲᠤ ᠶᠢᠨ ᠠᠵᠤ ᠠᠬᠤᠢ ᠪᠠᠷ ᠭᠤᠣᠯ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠣᠷᠴᠢᠯ ᠬᠥᠭᠵᠢᠯᠲᠡ ᠪᠣᠯᠤᠨ ᠠᠮᠢ ᠠᠬᠤᠢ ᠶᠢᠨ ᠠᠮᠤᠷ ᠲᠦᠪᠰᠢᠨ ᠢ ᠪᠠᠷᠢᠮᠲᠠᠯᠠᠵᠤ᠂ ᠤᠨᠴᠠᠯᠢᠬᠳᠤ ᠠᠵᠤ ᠦᠢᠯᠡᠰ ᠢᠶᠠᠷ ᠬᠠᠮᠲᠤ ᠶᠢᠨ ᠣᠷᠣᠯᠭ᠎ᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠩ ᠾᠧ ᠰᠢᠶᠠᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠲᠣᠭᠤᠷᠢᠭ ᠪᠣᠯ ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ ᠪᠠᠷ ᠳᠡᠮᠵᠢᠵᠦ ᠪᠥᠲᠥᠭᠡᠨ ᠪᠠᠶᠢᠭᠤᠯᠤᠭᠰᠠᠨ ᠰᠢᠩ ᠾᠧ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠃ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠭᠧ ᠵᠢᠶᠦ᠋ᠨ ᠺᠠᠢ ᠲᠦᠷᠦᠯ ᠵᠦᠢᠯ ᠤᠨ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ  ᠭᠦᠢᠯᠭᠡᠭᠡᠨ ᠤ ᠪᠣᠯᠪᠠᠰᠤᠷᠠᠭᠤᠯᠬᠤ ᠣᠷᠣᠨ ᠤ ᠲᠥᠷᠥᠯ ᠵᠦᠢᠯ ᠪᠣᠯ ︽ᠲᠥᠪ ᠲᠣᠭᠤᠭᠠᠨ ᠬᠡᠷ︾᠎ ᠢ ᠪᠠᠶᠢᠭᠤᠯᠬᠤ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾᠎ ᠶᠢ ᠠᠬᠢᠭᠤᠯᠬᠤ ᠭᠤᠤᠯᠳᠠᠯᠭ᠎ᠠ ᠲᠠᠢ ᠲᠥᠷᠥᠯ ᠵᠦᠢᠯ ᠮᠥᠨ᠃ ᠬᠥᠳᠡᠭᠡ ᠲᠣᠰᠬᠤᠨ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3