ᠮᠠᠨ ᠤ ᠰᠢᠶᠠᠨ ᠤ 2023 ᠣᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2023/11/22
      ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠠᠬᠢᠭᠤᠯᠵᠤ᠂ ᠡᠷᠬᠡ ᠲᠡᠭᠰᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ 2023 ᠣᠨ ᠤ 9 ᠰᠠᠷ᠎ᠠ ᠶᠢᠨ 15 ᠤ ᠡᠳᠦᠷ᠂ ᠰᠢᠩ ᠡᡁᠧ ᠰᠢᠶᠠᠨ ᠤ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠮᠠᠨ ᠤ ᠰᠢᠶᠠᠨ ᠤ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠡ ᠶᠢᠨ 2023 ᠣᠨ ᠠᠴᠠ ᠨᠠᠰᠢ ᠨᠡᠶᠢᠲᠡᠯᠡᠭᠰᠡᠨ ᠬᠠᠮᠢᠶ᠎ᠠ ᠪᠦᠬᠦᠢ ᠪᠢᠴᠢᠭ ᠮᠠᠲᠧᠷᠢᠶᠠᠯ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠲᠤᠰ ᠤᠳᠠᠭ᠎ᠠ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ 3 ᠬᠤᠪᠢ ᠪᠢᠴᠢᠭ ᠮᠠᠲᠧᠷᠢᠶᠠᠯ ᠢ ᠰᠤᠭᠤᠴᠢᠨ ᠠᠪᠴᠠᠢ᠃ ᠰᠣᠩᠭᠤᠨ ᠪᠠᠶᠢᠴᠠᠭᠠᠬᠤ ᠪᠠᠷ ᠳᠡᠮᠵᠢᠨ᠂ ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠬᠤ ᠵᠦᠢᠯ ᠵᠤᠷᠪᠤᠰ ᠪᠤᠶᠤ ᠲᠣᠭᠲᠠᠭᠠᠯ ᠪᠠᠶᠢᠬᠤ ᠶᠢ ᠣᠯᠵᠤ ᠮᠡᠳᠡᠭᠰᠡᠨ ᠥᠬᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3