ᠰᠢᠶᠠᠨ ᠤ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ | ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠡᠯ᠎ᠡ ᠪᠦᠷᠢᠯᠳᠦᠬᠦᠨ ᠨᠢᠭᠡᠴᠡ ᠳᠤ᠄ | ᠡᠳᠦᠭᠡ ︽ᠰᠢᠩ ᠾᠧ ᠰᠢᠶᠠᠨ ᠤ ᠲᠥᠪ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ | ᠵᠠᠭᠠᠯᠳᠤᠬᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ︾ ᠶᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠰᠢᠩ ᠾᠧ ᠰᠢᠶᠠᠨ ᠤ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ | ᠬᠤᠭᠤᠷᠣᠨᠳᠣᠬᠢ ᠬᠤᠷᠠᠯ ᠤᠨ ᠠᠯᠪᠠᠨ ᠭᠡᠷ | 2021 ᠣᠨ ᠤ 01 ᠰᠠᠷ᠎ᠠ ᠶᠢᠨ 5 ᠤ ᠡᠳᠦᠷ | ︵ᠬᠠᠷᠢᠯᠴᠠᠬᠤ ᠬᠥᠮᠦᠨ᠄ ᠵᠠᠩ ᠵᠠᠨ ᠵᠢᠶᠦ᠋ᠨ︔ ᠬᠠᠷᠢᠯᠴᠠᠬᠤ ᠤᠲᠠᠰᠤ᠄ 0474 — 7212556︶ | ᠰᠢᠩ ᠾᠧ ᠰᠢᠶᠠᠨ ᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ | ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠤᠨ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠡᠶᠢᠭᠡᠮ ᠤᠨ ᠬᠢᠨᠠᠯᠲᠠ ᠲᠠᠯᠪᠢᠬᠤ | ᠦᠢᠯᠡᠳᠦᠯ ᠢ ᠦᠨᠡᠨᠬᠦ ᠪᠠᠳᠠᠷᠠᠭᠤᠯᠵᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ | ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠠᠷᠠᠭᠤᠯᠵᠤ᠂ ︽ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠳᠤᠮᠳᠠ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠳᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠭᠤᠣᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ | ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠭᠤᠣᠯᠴᠢ ᠥᠷᠢᠰᠥᠯᠳᠦᠭᠡᠨ ᠤ ᠬᠢᠨᠠᠨ | ᠪᠠᠶᠢᠴᠠᠭᠠᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ︽ᠬᠡᠨ ᠲᠣᠭᠲᠠᠭᠠᠭᠰᠠᠨ ᠪᠣᠯ ᠬᠡᠨ | ᠬᠠᠷᠢᠭᠤᠴᠠᠬᠤ︾ ᠵᠠᠷᠴᠢᠮ ᠶᠣᠰᠣᠭᠠᠷ ᠲᠥᠪ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠵᠤ ᠵᠠᠭᠠᠯᠳᠤᠬᠤ | ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠲᠥᠪ | ᠭᠤᠤᠯᠴᠢ ᠪᠠᠷ ᠥᠷᠢᠰᠦᠯᠳᠦᠬᠦ ᠲᠦᠷᠢᠮ ᠤᠨ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ | ᠣᠷᠴᠢᠨ ᠲᠣᠭᠤᠷᠢᠨ ᠢ ᠪᠣᠶ ᠪᠣᠯᠭᠠᠨ᠎ᠠ᠃ | ᠨᠢᠭᠡ᠂ ᠲᠤᠰ ᠲᠣᠭᠲᠠᠴᠠ ᠳᠤ ᠬᠡᠯᠡᠵᠦ ᠪᠠᠶᠢᠭ᠎ᠠ ᠭᠤᠣᠯᠴᠢ ᠥᠷᠢᠰᠥᠯᠳᠦᠭᠡᠨ ᠳᠤ ᠬᠤᠯᠪᠣᠭᠳᠠᠭᠰᠠᠨ ᠬᠢᠨᠠᠨ | ᠪᠠᠶᠢᠴᠠᠭᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠭᠡᠳᠡᠭ ᠨᠢ ᠪᠠᠶᠢᠭᠠᠯᠢ ᠬᠥᠮᠦᠨ ᠢ ᠵᠢᠭᠠᠵᠤ ᠪᠠᠶᠢᠨ᠎ᠠ᠂ ᠬᠠᠤᠯᠢ ᠶᠢᠨ | ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ | ᠴᠢᠳᠠᠪᠤᠷᠢ ᠲᠠᠢ ᠭᠡᠵᠦ ᠦᠵᠡᠭᠰᠡᠨ ᠵᠣᠬᠢᠶᠠᠨ ᠪᠠᠶᠢᠭᠤᠯᠤᠯᠲᠠ ᠳᠣᠷᠣᠭᠰᠢ ᠲᠥᠷᠥ ᠶᠢᠨ ᠪᠣᠳᠣᠯᠭ᠎ᠠ ᠲᠣᠭᠲᠠᠭᠠᠬᠤ | ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠲᠣᠭᠲᠠᠭᠠᠭᠰᠠᠨ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠢ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠨ ᠨᠡᠶᠢᠲᠡᠯᠡᠭᠰᠡᠨ ᠪᠤᠶᠤ ᠭᠤᠤᠯᠴᠢ ᠥᠷᠢᠰᠥᠯᠳᠦᠭᠡᠨ ᠤ | ᠬᠢᠨᠠᠨ ᠪᠠᠶᠢᠴᠠᠭᠠᠯᠲᠠ ᠬᠢᠭᠰᠡᠨ ᠥᠬᠡᠶ ᠪᠠᠶᠢᠪᠠᠯ᠂ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠰᠢᠩ ᠾᠧ ᠰᠢᠶᠠᠨ ᠤ ᠬᠡᠪᠴᠢᠶᠡᠨ ᠳᠤ | ᠬᠠᠷᠢᠶᠠᠯᠠᠭᠳᠠᠪᠠᠯ᠂ ᠭᠤᠣᠯᠴᠢ ᠥᠷᠢᠰᠥᠯᠳᠦᠭᠡᠨ ᠳᠤ ᠬᠤᠯᠪᠣᠭᠳᠠᠭᠰᠠᠨ ᠬᠢᠨᠠᠨ ᠪᠠᠶᠢᠴᠠᠭᠠᠯᠲᠠ᠂ ᠵᠠᠭᠠᠯᠳᠤᠯᠭ᠎ᠠ᠂ | ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠳᠤ ᠲᠤᠰ ᠲᠣᠭᠲᠠᠴᠠ ᠶᠢ ᠬᠡᠷᠡᠭᠯᠡᠨ᠎ᠡ᠃ | ᠭᠤᠷᠪᠠ᠂ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ | ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ᠂ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ | ᠳᠡᠭᠡᠳᠦ ᠱᠠᠲᠤᠨ ᠤ ᠪᠠᠶᠢᠭᠤᠯᠭ᠎ᠠ ᠪᠤᠶᠤ ᠲᠣᠰ ᠱᠠᠲᠤᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠥᠷᠢᠴᠡᠭᠰᠡᠨ ᠰᠡᠵᠢᠭᠯᠡᠯᠲᠡᠶ ᠬᠠᠮᠢᠶ᠎ᠠ ᠪᠥᠬᠦᠶ ᠰᠦᠪᠡᠭᠴᠢ ᠶᠢ | ᠲᠤᠰᠬᠠᠵᠤ ᠪᠣᠯᠤᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ | ᠬᠦᠯᠢᠶᠡᠨ ᠠᠪᠤᠭᠰᠠᠨ ᠪᠠᠶᠢᠪᠠᠯ᠂ ᠵᠣᠬᠢᠬᠤ ᠲᠦᠷᠦ ᠶᠢᠨ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠴᠠᠭ | ᠲᠤᠬᠠᠢ ᠳᠤᠨᠢ ᠬᠤᠪᠢᠶᠠᠨ ᠬᠦᠷᠭᠡᠬᠦ ᠬᠡᠷᠡᠭᠲᠡᠢ᠃ | ᠳᠥᠷᠪᠡ᠂ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ | ᠨᠢᠭᠤᠷᠲᠠᠨ ᠲᠤᠰᠢᠶᠠᠬᠤ᠂ ᠰᠢᠤᠳᠠᠨ ᠢᠶᠠᠷ ᠢᠯᠡᠭᠡᠬᠦ᠂ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ | ᠮᠠᠶ᠋ᠢᠭ ᠢᠶᠠᠷ ᠠᠶ ᠯᠢ ᠪᠠᠶᠢᠭᠤᠯᠭ᠎ᠠ ᠳᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ 12345 ᠪᠤᠶᠤ | 12315 ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠢᠶᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃ | ᠲᠠᠪᠤ᠂ ᠢᠯᠡᠴᠢᠯᠡᠨ ᠮᠡᠳᠡᠭᠦᠯᠦᠭᠴᠢ ᠨᠢ ᠵᠠᠭᠠᠯᠳᠤᠭᠳᠠᠭᠰᠠᠨ ᠢᠯᠡᠴᠢᠯᠡᠨ ᠮᠡᠳᠡᠭᠦᠯᠦᠭᠴᠢ ᠶᠢᠨ ᠨᠡᠷᠡᠶᠢᠳᠦᠯ᠂ | ᠬᠠᠶ᠋ᠢᠭ ᠵᠡᠷᠭᠡ ᠮᠡᠳᠡᠭᠡ ᠵᠠᠩᠭᠢ ᠶᠢ ᠬᠠᠩᠭᠠᠵᠤ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ | ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠶ ᠪᠤᠰᠤᠳᠴᠢ ᠪᠥᠭᠡᠳ ᠦᠨᠡᠨ ᠪᠣᠳᠠᠲᠠᠶ ᠬᠤᠯᠪᠣᠭᠳᠠᠯ ᠪᠦᠬᠦᠢ ᠮᠠᠲ᠋ᠧᠷᠢᠶᠠᠯ | ᠪᠠ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠶ᠃ | ᠵᠠᠭᠠᠯᠳᠤᠭᠳᠠᠭᠰᠠᠨ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠨᠢ ᠣᠨᠣᠪᠴᠢ ᠦᠭᠡᠢ᠂ ᠬᠤᠯᠪᠣᠭᠳᠠᠯ | ᠪᠦᠬᠦᠢ ᠪᠣᠳᠠᠲᠤ ᠶᠠᠪᠤᠳᠠᠯ ᠨᠢ ᠲᠣᠳᠣᠷᠬᠠᠶ ᠦᠭᠡᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ | ᠠᠪᠴᠤ ᠰᠢᠢᠳᠪᠦᠷᠢᠯᠡᠬᠦ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ ᠨᠥᠬᠦᠪᠥᠷᠢᠯᠡᠨ | ᠵᠠᠯᠠᠷᠠᠭᠤᠯᠬᠤ ᠶᠢ ᠮᠡᠳᠡᠭᠳᠡᠵᠦ ᠪᠣᠯᠤᠨ᠎ᠠ᠃ | ᠦᠨᠡᠨ ᠨᠡᠷ᠎ᠡ ᠪᠠᠷ ᠢᠶᠠᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠨ᠎ᠠ᠃ ᠢᠯᠡᠴᠢᠯᠡᠨ | ᠮᠡᠳᠡᠭᠦᠯᠦᠭᠴᠢ ᠥᠪᠡᠷ ᠤᠨ ᠤᠪᠤᠭ ᠨᠡᠷ᠎ᠡ᠂ ᠪᠡᠶ᠎ᠡ ᠶᠢᠨ ᠬᠢᠷᠢ ᠬᠡᠮ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠤᠪᠢ | ᠬᠥᠮᠦᠨ ᠤ ᠮᠡᠳᠡᠭᠡ ᠵᠠᠩᠭᠢ ᠪᠠᠨ ᠬᠠᠩᠭᠠᠬᠤ ᠳᠤᠷ᠎ᠠ ᠦᠭᠡᠢ ᠪᠤᠶᠤ ᠢᠯᠡᠴᠢᠯᠡᠨ ᠮᠡᠳᠡᠭᠦᠯᠦᠭᠰᠡᠨ ᠦᠢᠯᠡ | ᠠᠵᠢᠯᠯᠠᠭ᠎ᠠ ᠪᠠᠨ ᠢᠯᠡ ᠪᠣᠯᠭᠠᠬᠤ ᠳᠤᠷ᠎ᠠ ᠦᠭᠡᠢ ᠪᠠᠶᠢᠪᠠᠯ᠂ ᠲᠡᠭᠦᠨ ᠢ ᠬᠦᠨᠳᠦᠳᠬᠡᠬᠦ ᠬᠡᠷᠡᠭᠲᠡᠶ᠃ ᠬᠦᠯᠢᠶᠡᠨ ᠠᠪᠴᠤ | ᠰᠢᠢᠳᠪᠦᠷᠢᠯᠡᠬᠦ ᠪᠠᠶᠢᠭᠤᠯᠭ᠎ᠠ ᠨᠢ ᠨᠡᠷ᠎ᠡ ᠪᠤᠷᠤᠭᠤᠯᠠᠭᠰᠠᠨ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠦᠭᠴᠢ ᠳᠤ ᠬᠡᠯᠡᠵᠦ | ᠥᠭᠬᠦ ᠡᠭᠦᠷᠭᠡ ᠶᠢ ᠡᠭᠦᠷᠭᠡᠯᠡᠬᠦ ᠦᠭᠡᠢ᠃ | ᠵᠢᠷᠭᠤᠭ᠎ᠠ᠂ ︽ᠬᠡᠨ ᠲᠣᠭᠲᠠᠭᠠᠭᠰᠠᠨ ᠪᠣᠯ ᠲᠡᠷᠡ ᠭᠥᠯᠢᠶᠡᠨ ᠠᠪᠴᠤ ᠰᠢᠢᠳᠪᠦᠷᠢᠯᠡᠬᠦ︾ ᠵᠠᠷᠴᠢᠮ ᠤᠨ | ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠭᠤᠯᠭ᠎ᠠ ᠠᠴᠠ ᠵᠣᠬᠢᠬᠤ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠡᠭᠦᠨ ᠳᠤ᠂ | ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠡᠮᠦᠨ᠎ᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠲᠤᠬᠠᠶ ᠵᠠᠭᠠᠯᠳᠤᠯᠭ᠎ᠠ ᠭᠠᠷᠭᠠᠭᠰᠠᠨ᠂ ᠤᠤᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠭᠰᠠᠨ ᠰᠠᠯᠠᠭ᠎ᠠ ᠮᠥᠴᠢᠷ ᠨᠢ ᠬᠦᠴᠦᠨ ᠥᠬᠡᠶ ᠪᠣᠯᠭᠠᠭᠳᠠᠭᠰᠠᠨ ᠪᠤᠶᠤ ᠡᠷᠬᠡ ᠲᠤᠰᠢᠶᠠᠯ ᠳᠤᠨᠢ ᠨᠢᠭᠡᠨᠲᠡ | ᠲᠣᠬᠢᠷᠠᠭᠤᠯᠤᠯᠲᠠ ᠬᠢᠭᠰᠡᠨ ᠪᠠᠶᠢᠪᠠᠯ᠂ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ | ᠰᠠᠯᠠᠭ᠎ᠠ ᠮᠥᠴᠢᠷ ᠠᠴᠠ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ︔ ᠰᠠᠯᠠᠭ᠎ᠠ ᠮᠥᠴᠢᠷ ᠤᠳ ᠣᠷᠣᠯᠠᠨ | ᠲᠤᠭᠤᠷᠪᠢᠵᠤ ᠲᠤᠭᠤᠷᠪᠢᠭᠰᠠᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠨᠡᠷ᠎ᠡ ᠪᠠᠷ ᠨᠡᠶᠢᠲᠡᠯᠡᠭᠰᠡᠨ | ᠪᠠᠶᠢᠪᠠᠯ᠂ ᠲᠤᠭᠤᠷᠪᠢᠭᠰᠠᠨ ᠪᠢᠴᠢᠭ ᠮᠠᠲ᠋ᠧᠷᠢᠶᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠭᠥᠯᠢᠶᠡᠨ ᠠᠪᠴᠤ | ᠰᠢᠢᠳᠪᠦᠷᠢᠯᠡᠨ᠎ᠡ︔ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠯᠠᠨ ᠰᠠᠯᠠᠭ᠎ᠠ ᠮᠥᠴᠢᠷ ᠬᠠᠮᠲᠤᠷᠠᠨ | ᠲᠣᠭᠲᠠᠭᠠᠵᠤ ᠨᠡᠶᠢᠲᠡᠯᠡᠭᠰᠡᠨ ᠪᠠᠶᠢᠪᠠᠯ᠂ ᠲᠦᠷᠦᠭᠦᠯᠡᠨ ᠭᠦᠢᠴᠡᠳᠭᠡᠬᠦ ᠰᠠᠯᠠᠭ᠎ᠠ ᠮᠥᠴᠢᠷ ᠠᠴᠠ ᠬᠠᠷᠢᠭᠤᠴᠠᠨ | ᠭᠥᠯᠢᠶᠡᠨ ᠠᠪᠴᠤ ᠰᠢᠢᠳᠪᠦᠷᠢᠯᠡᠨ᠎ᠡ᠃ | ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ | ᠭᠥᠯᠢᠶᠡᠨ ᠠᠪᠤᠭᠰᠠᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ | ᠠᠭᠤᠯᠭ᠎ᠠ ᠶᠢ ᠦᠨᠳᠦᠰᠦᠯᠡᠨ ᠳᠡᠭᠡᠷ᠎ᠡ ᠳᠤᠷᠠᠳᠤᠭᠰᠠᠨ ᠵᠠᠷᠴᠢᠮ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠤ | ᠬᠤᠪᠢᠶᠠᠨ ᠬᠦᠷᠭᠡᠵᠦ ᠰᠢᠢᠳᠪᠦᠷᠢᠯᠡᠭᠦᠯᠦᠨ᠎ᠡ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ | ᠮᠡᠳᠡᠭᠦᠯᠦᠭᠰᠡᠳ ᠲᠤ ᠪᠢᠴᠢᠭ ᠢᠶᠠᠷ ᠬᠠᠷᠢᠭᠤ ᠲᠤᠰᠬᠠᠬᠤ ᠶᠢᠨ ᠬᠠᠮᠲᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ | ᠪᠠᠶᠢᠴᠠᠭᠠᠬᠤ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠬᠠᠭᠤᠯᠤᠨ ᠬᠦᠷᠭᠡᠵᠦ ᠳᠠᠩᠰᠠᠯᠠᠭᠤᠯᠬᠤ ᠬᠡᠷᠡᠭᠲᠡᠶ᠃ | ᠳᠣᠯᠤᠭ᠎ᠠ᠂ ᠪᠠᠯᠠ ᠣᠷᠣᠭᠤᠯᠤᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠵᠠᠭᠠᠯᠳᠤᠵᠤ | ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢ ᠴᠠᠭ ᠲᠤᠬᠠᠶ ᠳᠤᠨᠢ ᠪᠠᠶᠢᠴᠠᠭᠠᠨ ᠬᠠᠷᠭᠤᠭᠤᠯᠵᠤ᠂ ᠪᠠᠶᠢᠴᠠᠭᠠᠵᠤ ᠬᠢᠨᠠᠨ | ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠳᠣᠤᠷᠠᠬᠢ ᠮᠡᠲᠦ ᠪᠠᠷ ᠰᠢᠢᠳᠪᠦᠷᠢᠯᠡᠬᠦ ᠬᠡᠷᠡᠭᠲᠡᠶ᠄ | ︵ᠨᠢᠭᠡ︶ ᠲᠤᠰᠬᠠᠭᠰᠠᠨ ᠪᠠᠶᠢᠳᠠᠯ ᠨᠢ ᠦᠨᠡᠨ ᠪᠣᠳᠠᠲᠠᠶ ᠪᠢᠰᠢ ᠪᠠᠶᠢᠪᠠᠯ᠂ ᠲᠤᠰᠬᠠᠭᠰᠠᠨ ᠬᠥᠮᠦᠨ ᠳᠤ | ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠪᠢᠴᠢᠭ ᠢᠶᠠᠷ ᠮᠡᠳᠡᠭᠳᠡᠬᠦ ᠬᠡᠷᠡᠭᠲᠡᠶ᠃ | ︵ᠬᠤᠶᠠᠷ︶ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ ᠨᠡᠶᠢᠲᠡᠯᠡᠭᠰᠡᠨ ᠥᠬᠡᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠠᠴᠠ ᠴᠠᠭ ᠲᠤᠬᠠᠶ ᠳᠤᠨᠢ | ᠨᠥᠬᠦᠨ ᠬᠢᠨᠠᠨ ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠲᠤᠰᠬᠠᠭᠴᠢ ᠳᠤ | ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠶ᠃ | ︵ᠭᠤᠷᠪᠠ︶ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠶᠢ | ᠣᠯᠵᠤ ᠮᠡᠳᠡᠪᠡᠯ᠂ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠬᠦ ᠶᠢ ᠵᠣᠭᠰᠣᠭᠠᠬᠤ ᠪᠤᠶᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠬᠠᠤᠯᠢ | ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠳᠥᠷᠪᠡ︶ ᠬᠠᠷᠭᠤᠭᠤᠯᠤᠨ ᠪᠠᠶᠢᠴᠠᠭᠠᠬᠤ ᠬᠤᠭᠤᠴᠠᠭᠠᠨ ᠳᠤ᠂ ᠵᠠᠭᠠᠯᠳᠤᠭᠳᠠᠭᠰᠠᠨ ᠢᠯᠡᠴᠢᠯᠡᠨ | ᠮᠡᠳᠡᠭᠦᠯᠦᠭᠴᠢ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠢᠶ᠎ᠠ ᠪᠥᠬᠦᠶ ᠦᠢᠯᠡ | ᠠᠵᠢᠯᠯᠠᠭ᠎ᠠ ᠶᠢ ᠵᠠᠯᠠᠷᠠᠭᠤᠯᠵᠤ᠂ ᠬᠠᠮᠢᠶ᠎ᠠ ᠪᠥᠬᠦᠶ ᠦᠷ᠎ᠡ ᠳ᠋ᠦᠩ ᠢ ᠠᠷᠢᠯᠭᠠᠭᠰᠠᠨ ᠪᠠᠶᠢᠪᠠᠯ᠂ ᠭᠥᠯᠢᠶᠡᠨ ᠠᠪᠴᠤ | ᠰᠢᠢᠳᠪᠦᠷᠢᠯᠡᠬᠦ ᠪᠠᠶᠢᠭᠤᠯᠭ᠎ᠠ ᠠᠴᠠ ᠬᠠᠷᠭᠤᠭᠤᠯᠤᠨ ᠪᠠᠶᠢᠴᠠᠭᠠᠬᠤ ᠶᠢ ᠳᠠᠭᠤᠰᠬᠠᠵᠤ ᠪᠣᠯᠤᠨ᠎ᠠ᠃ | ︵ᠲᠠᠪᠤ︶ ᠬᠢᠨᠠᠨ ᠪᠠᠶᠢᠴᠠᠭᠠᠬᠤ ᠬᠤᠭᠤᠴᠠᠭᠠᠨ ᠳᠤ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ | ᠢᠯᠡᠴᠢᠯᠡᠨ ᠮᠡᠳᠡᠭᠦᠯᠦᠭᠴᠢ ᠶᠢᠨ ᠠᠳᠠᠯᠢ ᠨᠢᠭᠡᠨ ᠪᠣᠳᠠᠲᠤ ᠬᠡᠷᠡᠭ ᠢ ᠣᠯᠵᠤ ᠮᠡᠳᠡᠭᠡᠳ ᠪᠤᠰᠤᠳ ᠵᠠᠰᠠᠭ ᠵᠠᠬᠢᠷᠭᠠᠨ ᠤ | ᠪᠠᠶᠢᠭᠤᠯᠭ᠎ᠠ ᠳᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠭᠤᠶᠤᠴᠢᠯᠠᠭᠰᠠᠨ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠪᠤᠶᠤ ᠨᠢᠭᠡᠨᠲᠡ ᠳᠡᠭᠡᠷ᠎ᠡ | ᠳᠤᠷᠠᠳᠤᠭᠰᠠᠨ ᠵᠢᠷᠤᠮ ᠳᠤ ᠤᠷᠤᠭᠰᠠᠨ ᠢ ᠣᠯᠵᠤ ᠮᠡᠳᠡᠭᠰᠡᠨ ᠪᠠᠶᠢᠪᠠᠯ᠂ ᠬᠢᠨᠠᠨ ᠪᠠᠶᠢᠴᠠᠭᠠᠬᠤ ᠪᠠᠨ ᠳᠠᠭᠤᠰᠬᠠᠬᠤ | ᠬᠡᠷᠡᠭᠲᠡᠶ᠃ | ︵ᠵᠢᠷᠭᠤᠭ᠎ᠠ︶ ᠬᠢᠨᠠᠨ ᠪᠠᠶᠢᠴᠠᠭᠠᠭᠠᠳ᠂ ᠬᠦᠯᠢᠶᠡᠨ ᠠᠪᠤᠭᠰᠠᠨ ᠪᠠᠶᠢᠭᠤᠯᠭ᠎ᠠ ᠠᠴᠠ ᠲᠥᠪ ᠭᠤᠣᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠲᠣᠭᠲᠠᠭᠠᠯ ᠢ ᠵᠥᠷᠢᠴᠡᠭᠰᠡᠨ ᠦᠭᠡᠶ ᠭᠡᠵᠦ ᠦᠵᠡᠪᠡᠯ᠂ ᠬᠢᠨᠠᠨ | ᠪᠠᠶᠢᠴᠠᠭᠠᠬᠤ ᠶᠢ ᠳᠠᠭᠤᠰᠬᠠᠬᠤ ᠬᠡᠷᠡᠭᠲᠡᠶ᠃ | ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠰᠢᠢᠳᠪᠦᠷᠢᠯᠡᠬᠦ ᠲᠣᠭᠲᠠᠭᠠᠯ ᠭᠠᠷᠭᠠᠭᠰᠠᠨ᠂ | ᠰᠢᠢᠳᠪᠦᠷᠢᠯᠡᠬᠦ ᠰᠠᠨᠠᠭᠤᠯᠭ᠎ᠠ ᠳᠤᠷᠠᠳᠤᠭᠰᠠᠨ ᠪᠤᠶᠤ ᠬᠢᠨᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ | ᠪᠦᠬᠦᠢ ᠪᠠᠶᠢᠳᠠᠯ ᠢ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | | ᠨᠠᠢᠮᠠ᠂ ᠳᠡᠭᠡᠳᠦ ᠱᠠᠲᠤᠨ ᠤ ᠲᠣᠭᠲᠠᠭᠠᠯ ᠢ ᠦᠨᠳᠦᠰᠦᠯᠡᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠪᠤᠶᠤ ᠴᠢᠬᠤᠯᠠ ᠶᠡᠭᠡ᠂ ᠨᠠᠷᠢᠨ ᠪᠤᠳᠤᠯᠢᠶᠠᠨᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠰ ᠱᠠᠲᠤᠨ ᠤ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠲᠥᠷᠥ ᠶᠢᠨ ᠪᠣᠳᠣᠯᠭ᠎ᠠ ᠲᠣᠭᠲᠠᠭᠠᠬᠤ | ᠪᠠᠶᠢᠭᠤᠯᠭ᠎ᠠ ᠶᠢᠨ ᠳᠡᠭᠡᠳᠦ ᠱᠠᠲᠤᠨ ᠤ ᠪᠠᠶᠢᠭᠤᠯᠭ᠎ᠠ ᠪᠤᠶᠤ ᠳᠡᠭᠡᠷ᠎ᠡ ᠨᠢᠭᠡ ᠱᠠᠲᠤᠨ ᠤ ᠬᠠᠮᠲᠤᠷᠠᠭᠰᠠᠨ ᠬᠤᠷᠠᠯ ᠤᠨ | ᠠᠯᠪᠠᠨ ᠬᠡᠷ ᠲᠤ ᠳᠡᠪᠰᠢᠭᠦᠯᠦᠨ ᠭᠥᠯᠢᠶᠡᠨ ᠠᠪᠴᠤ ᠰᠢᠢᠳᠪᠦᠷᠢᠯᠡᠭᠦᠯᠵᠦ ᠪᠣᠯᠤᠨ᠎ᠠ᠃ | ᠶᠢᠰᠦ᠂ ᠢᠯᠡᠴᠢᠯᠡᠨ ᠮᠡᠳᠡᠭᠦᠯᠦᠭᠳᠡᠭᠰᠡᠨ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠶᠢ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠤᠶᠤ ᠲᠣᠰ ᠱᠠᠲᠤᠨ ᠤ | ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠰᠢᠢᠳᠪᠦᠷᠢᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠭᠦᠨ ᠤ ᠲᠣᠭᠲᠠᠭᠠᠯ ᠶᠣᠰᠣᠭᠠᠷ ᠰᠢᠶᠠᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠨᠢ ᠬᠠᠷᠢᠶ᠎ᠠ ᠨᠢᠭᠡᠴᠢ ᠶᠢᠨ ᠢᠶᠠᠨ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ | ᠲᠤᠬᠠᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠶ᠃ | ᠠᠷᠪᠠ᠂ ᠬᠦᠯᠢᠶᠡᠨ ᠠᠪᠤᠭᠰᠠᠨ ᠪᠠᠶᠢᠭᠤᠯᠭ᠎ᠠ ᠠᠴᠠ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠶᠢᠨ ᠢᠯᠡᠴᠢᠯᠡᠨ ᠮᠡᠳᠡᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠬᠢᠨᠠᠨ ᠪᠠᠶᠢᠴᠠᠭᠠᠭᠠᠳ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠨᠣᠫᠣᠯᠢᠴᠢᠯᠠᠯ ᠢ | ᠡᠰᠡᠷᠭᠦᠴᠡᠬᠦ ᠬᠠᠤᠯᠢ︾ ᠶᠢ ᠵᠥᠷᠢᠴᠡᠭᠰᠡᠨ ᠰᠡᠵᠢᠭᠲᠡᠶ ᠪᠠᠶᠢᠪᠠᠯ᠂ ᠰᠢᠩ ᠾᠧ ᠰᠢᠶᠠᠨ ᠤ ᠡᠷᠬᠡ ᠲᠡᠭᠰᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ | ᠭᠡᠷ ᠲᠤ ᠨᠢᠭᠡᠳᠦᠯᠲᠡᠶ ᠮᠡᠳᠡᠭᠦᠯᠦᠨ ᠬᠦᠷᠭᠡᠵᠦ᠂ ᠰᠢᠩ ᠾᠧ ᠰᠢᠶᠠᠨ ᠤ ᠡᠷᠬᠡ ᠲᠡᠭᠰᠢ ᠥᠷᠢᠰᠥᠯᠳᠦᠭᠡᠨ ᠢ ᠬᠢᠨᠠᠨ | ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠤᠯᠠᠭᠠᠨᠴᠠᠪ | ᠬᠤᠲᠠ ᠶᠢᠨ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠵᠦ᠂ ᠤᠯᠠᠭᠠᠨᠴᠠᠪ ᠬᠤᠲᠠ ᠶᠢᠨ ᠡᠷᠬᠡ ᠲᠡᠭᠰᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ | ᠬᠡᠷ ᠠᠴᠠ ᠳᠡᠭᠡᠭᠰᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠮᠣᠨᠣᠫᠣᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠮᠡᠳᠡᠭᠦᠯᠵᠦ | ᠪᠠᠶᠢᠴᠠᠭᠠᠯᠭᠠᠨ᠎ᠠ᠃ | ᠠᠷᠪᠠᠨ ᠨᠢᠭᠡ᠂ ︽ᠬᠡᠨ ᠰᠢᠢᠳᠪᠦᠷᠢᠯᠡᠪᠡᠯ᠂ ᠬᠡᠨ ᠬᠠᠷᠢᠭᠤ ᠥᠭᠬᠦ︾ ᠵᠠᠷᠴᠢᠮ ᠶᠣᠰᠣᠭᠠᠷ᠂ ᠵᠠᠭᠠᠯᠳᠤᠯᠭ᠎ᠠ | ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠨᠢᠭᠡᠴᠡ ᠨᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ | ᠲᠤᠬᠠᠶ ᠳᠤᠨᠢ ᠵᠠᠭᠠᠯᠳᠤᠭᠴᠢ ᠪᠤᠶᠤ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠴᠢ ᠳᠤ ᠬᠠᠷᠢᠭᠤ | ᠲᠤᠰᠬᠠᠬᠤ ᠶᠢᠨ ᠬᠠᠮᠲᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ | ᠰᠢᠢᠳᠪᠦᠷᠢᠯᠡᠭᠰᠡᠨ ᠲᠣᠭᠲᠠᠭᠠᠯ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠠᠷᠪᠠᠨ ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠢᠯᠡᠴᠢᠯᠡᠨ ᠮᠡᠳᠡᠭᠦᠯᠦᠭᠴᠢ ᠶᠢᠨ ᠮᠡᠳᠡᠭᠡ | ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠂ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ | ᠮᠡᠳᠡᠭᠡ ᠵᠠᠩᠭᠢ᠂ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠢᠯᠡᠴᠢᠯᠡᠨ | ᠮᠡᠳᠡᠭᠦᠯᠦᠭᠳᠡᠭᠴᠢ ᠪᠤᠶᠤ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠠᠵᠢᠯ ᠲᠠᠢ ᠬᠤᠯᠪᠣᠭᠳᠠᠯ ᠦᠭᠡᠢ | ᠬᠥᠮᠦᠨ ᠳᠤ ᠵᠠᠳᠠᠷᠠᠭᠤᠯᠵᠤ ᠪᠣᠯᠬᠤ ᠦᠭᠡᠢ᠃ | ᠠᠷᠪᠠᠨ ᠭᠤᠷᠪᠠ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ | ᠬᠤᠪᠢᠶᠠᠨ ᠬᠦᠷᠭᠡᠬᠦ ᠠᠵᠢᠯ ᠢ ᠰᠠᠶᠢᠲᠤᠷ ᠬᠢᠵᠦ᠂ ᠨᠡᠯᠢᠶᠡᠳ ᠶᠡᠭᠡ ᠮᠠᠷᠭᠤᠭᠠᠨ ᠲᠠᠢ ᠠᠳᠠᠯᠢ ᠰᠡᠳᠦᠪ ᠢ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ ᠵᠣᠬᠢᠴᠠᠭᠤᠯᠬᠤ ᠶᠢᠨ ᠬᠠᠮᠲᠤ᠂ ᠵᠠᠭᠠᠯᠳᠤᠵᠤ ᠢᠯᠡᠴᠢᠯᠡᠨ | ᠮᠡᠳᠡᠭᠦᠯᠦᠭᠰᠡᠨ ᠢ ᠲᠥᠪ ᠭᠤᠤᠯᠴᠢ ᠪᠠᠷ ᠪᠤᠯᠢᠶᠠᠯᠳᠤᠨ ᠬᠢᠨᠠᠨ ᠪᠠᠶᠢᠴᠠᠭᠠᠭᠰᠠᠨ ᠪᠠᠶᠢᠳᠠᠯ ᠢ ᠬᠢᠨᠠᠮᠠᠭᠠᠶ ᠴᠤᠭᠯᠠᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠵᠦ᠂ ᠵᠠᠳᠠᠯᠤᠨ ᠰᠢᠨᠵᠢᠯᠡᠵᠦ᠂ ᠮᠡᠳᠡᠭᠡᠯᠡᠬᠦ ᠬᠡᠷᠡᠭᠲᠡᠶ᠃ ᠡᠯ᠎ᠡ ᠨᠢᠭᠡᠴᠡ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠬᠠᠷᠢᠭᠤ ᠥᠭᠬᠦ ᠶᠠᠪᠤᠴᠠ ᠳᠤ ᠣᠯᠵᠤ ᠮᠡᠳᠡᠭᠰᠡᠨ | ᠠᠰᠠᠭᠤᠳᠠᠯ ᠪᠤᠶᠤ ᠬᠠᠮᠢᠶ᠎ᠠ ᠪᠥᠬᠦᠶ ᠰᠠᠨᠠᠭᠤᠯᠭ᠎ᠠ ᠶᠢ ᠴᠠᠭ ᠲᠤᠬᠠᠶ ᠳᠤᠨᠢ ᠬᠠᠮᠲᠤᠷᠠᠭᠰᠠᠨ ᠬᠤᠷᠠᠯ ᠤᠨ ᠠᠯᠪᠠᠨ | ᠬᠡᠷ ᠲᠤ ᠬᠠᠷᠢᠭᠤ ᠲᠤᠰᠬᠠᠵᠤ᠂ ᠭᠤᠤᠯᠴᠢ ᠥᠷᠢᠰᠥᠯᠳᠦᠭᠡᠨ ᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ | ᠭᠥᠯᠢᠶᠡᠨ ᠠᠪᠴᠤ ᠬᠠᠷᠢᠭᠤ ᠥᠭᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠶ | ᠃ | ᠠᠷᠪᠠᠨ ᠳᠥᠷᠪᠡ᠂ ᠲᠣᠰ ᠬᠠᠷᠢᠭᠤ ᠥᠭᠬᠦ ᠲᠣᠭᠲᠠᠴᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠰᠢᠩ ᠾᠧ ᠰᠢᠶᠠᠨ ᠤ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ | ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |