ᠵᠠᠩ ᠭᠤᠤ ᠪᠠᠯᠭᠠᠰᠤ ᠠᠲᠠᠷᠰᠢᠭᠤᠯᠤᠭᠰᠠᠨ ᠭᠠᠵᠠᠷ ᠤᠨ ᠵᠢᠷᠤᠭ ᠤᠨ ᠲᠣᠯᠪᠤ ᠶᠢ ᠬᠢᠨᠠᠨ ᠪᠠᠶᠢᠴᠠᠭᠠᠵᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/23
      ᠣᠶᠢᠷ᠎ᠠ ᠳᠤ᠂ ᠵᠠᠩ ᠭᠤᠤ ᠪᠠᠯᠭᠠᠰᠤ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠠᠲᠠᠷᠰᠢᠭᠤᠯᠤᠭᠰᠠᠨ ᠭᠠᠵᠠᠷ ᠢ ᠲᠤᠰᠬᠠᠶ ᠴᠡᠭᠴᠡᠯᠡᠨ ᠵᠠᠰᠠᠬᠤ ᠭᠤᠤᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠡᠯ᠎ᠡ ᠲᠣᠰᠬᠤᠨ ᠳᠤ ᠭᠦᠨᠵᠡᠭᠡᠶᠢᠷᠡᠨ ᠠᠲᠠᠷᠰᠢᠭᠤᠯᠤᠭᠰᠠᠨ ᠭᠠᠵᠠᠷ ᠤᠨ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠴᠤ᠂ ᠠᠲᠠᠷᠰᠢᠭᠤᠯᠤᠭᠰᠠᠨ ᠭᠠᠵᠠᠷ ᠤᠨ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠪᠡ᠃      ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠳᠤ ᠨᠡᠶᠢᠲᠡ 1656 ᠠᠲᠠᠷᠰᠢᠭᠤᠯᠤᠭᠰᠠᠨ ᠭᠠᠵᠠᠷ ᠤᠨ ᠵᠢᠷᠤᠭ ᠤᠨ ᠲᠣᠯᠪᠤ ᠶᠢ ᠬᠢᠨᠠᠨ ᠬᠠᠷᠭᠤᠭᠤᠯᠬᠤ ᠴᠢᠬᠤᠯᠠᠲᠠᠶ ᠪᠠᠶᠢᠵᠤ᠂ ᠠᠲᠠᠷᠰᠢᠭᠤᠯᠤᠭᠰᠠᠨ ᠭᠠᠵᠠᠷ 1.64 ᠲᠦᠮᠡᠨ ᠮᠥ ᠳᠤ ᠬᠤᠯᠪᠣᠭᠳᠠᠵᠤ ᠪᠠᠶᠢᠨ᠎ᠠ᠂ ᠡᠭᠦᠨ ᠳᠤ ᠢᠦᠶ ᠱᠦ᠋ ᠶᠣᠣ ᠲᠣᠰᠬᠤᠨ ᠤ ᠠᠷᠠᠳ ᠤᠨ ᠵᠥᠪᠯᠡᠯ ᠨᠢᠭᠡᠨᠲᠡ ᠬᠢᠨᠠᠨ ᠬᠠᠷᠭᠤᠭᠤᠯᠬᠤ ᠠᠵᠢᠯ ᠢᠶᠠᠨ ᠪᠦᠬᠦᠨ ᠢ ᠳᠠᠭᠤᠰᠬᠠᠵᠤ᠂ ᠪᠤᠰᠤᠳ ᠲᠣᠰᠬᠤᠨ ᠤ ᠠᠷᠠᠳ ᠤᠨ ᠵᠥᠪᠯᠡᠯ ᠶᠠᠭ ᠵᠠᠯᠭᠠᠭ᠎ᠠ ᠪᠠᠷ ᠬᠢᠨᠠᠨ ᠬᠠᠷᠭᠤᠭᠤᠯᠵᠤ ᠪᠢᠴᠢᠵᠦ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤ ᠶᠢᠨ ᠬᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠵᠤ᠂ ᠲᠤᠰᠬᠠᠢ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠲᠠᠢ᠂ ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠠᠲᠠᠷᠰᠢᠭᠤᠯᠤᠭᠰᠠᠨ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3