11 ᠳ᠋ᠦᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠳᠡᠳ᠋ ᠨᠠᠷᠢᠨ ᠪᠢᠴᠢᠭ ᠤᠨ ᠳᠠᠷᠤᠭ᠎ᠠ ᠭᠧ ᠵᠢᠶᠦ᠋ᠨ ᠺᠠᠶ ᠨᠠᠷ ᠰᠢᠩ ᠾᠧ ᠰᠢᠶᠠᠨ ᠳᠤ ᠭᠦᠨᠵᠡᠭᠡᠶᠢᠷᠡᠨ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ | ᠃ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢ ᠶᠦᠩ ᠭᠠᠩ᠂ ᠰᠢᠩ | ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ᠂ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠵᠧᠩ ᠢ ᠵᠡᠷᠭᠡ ᠬᠤᠲᠠ ᠰᠢᠶᠠᠨ ᠤ | ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠭᠧ ᠵᠢᠶᠦ᠋ᠨ ᠺᠠᠢ ᠨᠠᠷ ᠪᠠᠢ ᠮᠧᠢ ᠲᠣᠰᠬᠤᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠰᠢᠯᠢᠳᠡᠭ ᠠᠷᠠᠳ ᠤᠨ ᠣᠷᠣᠨ ᠰᠠᠭᠤᠴᠠ ᠶᠢᠨ | ᠲᠦᠷᠦᠯ ᠵᠦᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ ᠲᠣᠰᠬᠤᠨ ᠤ | ᠠᠷᠠᠳ ᠢ ᠪᠠᠶᠠᠵᠢᠭᠤᠯᠤᠨ ᠴᠢᠨᠡᠭᠡᠯᠢᠭᠵᠢᠭᠦᠯᠬᠦ ᠶᠢᠨ ᠴᠢᠬᠤᠯᠠ ᠭᠠᠷᠳᠠᠴᠠ ᠮᠥᠨ᠂ ᠬᠥᠳᠡᠭᠡ ᠲᠣᠰᠬᠤᠨ ᠤ ᠠᠵᠤ | ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠠᠷᠠᠳ ᠤᠨ ᠣᠷᠣᠨ ᠰᠠᠭᠤᠴᠠ ᠶᠢᠨ | ᠡᠵᠡᠩᠨᠡᠯᠲᠡ ᠪᠠ ᠠᠵᠤ ᠦᠢᠯᠡᠰ ᠤᠨ ᠬᠡᠯᠬᠢᠶ᠎ᠡ ᠶᠢᠨ ᠳᠡᠰ ᠳᠡᠪᠰᠢᠬᠦ ᠶᠢ ᠴᠢᠩᠭᠠᠳᠬᠠᠵᠤ᠂ ᠠᠵᠤ ᠦᠢᠯᠡᠰ ᠤᠨ | ᠬᠥᠭᠵᠢᠯᠲᠡ᠂ ᠣᠷᠴᠢᠨ ᠲᠣᠭᠤᠷᠢᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠣᠰᠬᠤᠨ ᠤ ᠠᠷᠠᠳ ᠤᠨ | ᠣᠷᠣᠯᠭ᠎ᠠ ᠶᠢᠨ ᠨᠡᠮᠡᠭᠳᠡᠯ ᠤᠨ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠠᠷᠠᠳ ᠤᠨ ᠣᠷᠣᠨ | ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠵᠠᠭᠪᠤᠷ ᠢ ᠡᠭᠦᠳᠴᠦ᠂ ᠬᠥᠳᠡᠭᠡ | ᠲᠣᠰᠬᠤᠨ ᠤ ᠵᠤᠭᠠᠴᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠨ ᠶᠠᠰᠤ ᠴᠢᠨᠠᠷ ᠢ | ᠳᠡᠭᠡᠭᠰᠢᠯᠡᠭᠦᠯᠵᠦ ᠳᠡᠰ ᠳᠡᠪᠰᠢᠭᠦᠯᠬᠦ ᠬᠡᠷᠡᠭᠲᠡᠢ᠃ | ᠵᠢᠶᠠ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯ 2019 ᠣᠨ ᠳᠤ ᠪᠡᠭᠡᠵᠢᠩ ᠠᠴᠠ | ᠣᠷᠣᠭᠤᠯᠤᠨ ᠠᠪᠴᠢᠷᠠᠵᠤ᠂ ᠰᠢᠩ ᠾᠧ ᠰᠢᠶᠠᠨ ᠳᠤ ᠳᠠᠩᠰᠠᠯᠠᠭᠤᠯᠤᠨ ᠪᠠᠶᠢᠭᠤᠯᠤᠭᠰᠠᠨ ᠰᠢᠨ᠎ᠡ ᠮᠠᠲ᠋ᠧᠷᠢᠶᠠᠯ ᠤᠨ | ᠺᠣᠮᠫᠠᠨᠢ ᠪᠣᠯᠤᠨ᠎ᠠ᠃ ᠺᠣᠮᠫᠠᠨᠢ ᠶᠢᠨ ᠳᠤᠯᠠᠭᠠᠨ ᠢ ᠬᠠᠮᠠᠭᠠᠯᠠᠬᠤ ᠪᠦᠷᠬᠦᠭᠦᠯ ᠤᠨ ᠨᠡᠷᠡᠨ ᠤ ᠭᠡᠷᠡᠯ ᠤᠨ ᠬᠦᠯᠡᠮᠵᠢ ᠳᠤ | ᠰᠢᠯᠵᠢᠨ ᠣᠷᠣᠬᠤ ᠳᠤ᠂ ᠭᠧ ᠵᠢᠶᠦ᠋ᠨ ᠺᠠᠢ ᠨᠠᠷ ᠺᠣᠮᠫᠠᠨᠢ ᠶᠢᠨ ᠬᠠᠷᠢᠭᠤᠴᠠᠯᠭᠠᠲᠠᠨ ᠤ ᠰᠢᠨ᠎ᠡ ᠮᠠᠲ᠋ᠧᠷᠢᠶᠠᠯ ᠤᠨ | ᠪᠦᠲᠦᠭᠡᠭᠳᠡᠬᠦᠨ ᠤ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃ ᠲᠡᠷᠡ᠂ ᠰᠢᠨ᠎ᠡ ᠮᠠᠲᠧᠷᠢᠶᠠᠯ ᠤᠨ | ᠪᠦᠲᠦᠭᠡᠭᠳᠡᠬᠦᠨ ᠤ ᠳᠠᠪᠠᠭᠤᠯᠢᠭ ᠪᠣᠯᠤᠨ ᠮᠡᠷᠭᠡᠵᠢᠯ ᠤᠨ ᠦᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠯᠵᠢᠭᠦᠯᠵᠦ ᠪᠣᠯᠬᠤ ᠳᠤᠯᠠᠭᠠᠨ ᠢ ᠬᠠᠳᠠᠭᠠᠯᠠᠬᠤ | ᠪᠦᠷᠬᠦᠪᠴᠢ ᠶᠢᠨ ᠪᠦᠲᠦᠴᠡ ᠲᠠᠢ ᠨᠡᠷᠡᠨ ᠤ ᠭᠡᠷᠡᠯ ᠤᠨ ᠬᠦᠯᠡᠮᠵᠢ ᠶᠢ ᠳᠡᠯᠭᠡᠷᠡᠭᠦᠯᠬᠦ᠂ ᠬᠠᠭᠤᠯᠪᠤᠷᠢᠯᠠᠬᠤ ᠶᠢ | ᠪᠡᠶᠡᠯᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠠ ᠲᠦᠩ ᠶᠣᠣ ᠰᠢᠶᠠᠩ ᠤᠨ ᠰᠢᠩ ᠱᠧᠩ ᠵᠤᠸᠠᠩ ᠤᠨ ᠵᠢᠱᠢᠶ᠎ᠡ ᠦᠵᠡᠭᠦᠯᠬᠦ ᠲᠣᠰᠬᠤᠨ ᠳᠤ᠂ ᠭᠧ | ᠵᠢᠶᠦ᠋ᠨ ᠺᠠᠢ ᠨᠠᠷ ᠰᠢᠩ ᠱᠧᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠭᠦᠨᠵᠡᠭᠡᠶᠢᠷᠡᠵᠦ᠂ ᠠᠩᠭᠧᠰ ᠤᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ | ᠣᠶᠢᠯᠠᠭᠠᠪᠠ᠃ ᠬᠤᠷᠰᠢᠶ᠎ᠠ ᠪᠣᠯ ᠲᠣᠰᠬᠤᠨ ᠤ ᠬᠠᠮᠲᠤ ᠶᠢᠨ ᠠᠵᠤ ᠠᠬᠤᠶ ᠪᠠ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠭᠰᠠᠨ ᠵᠠᠯᠠᠭᠤᠴᠤᠳ ᠤᠨ ᠬᠠᠮᠲᠤᠷᠠᠨ ᠡᠭᠦᠰᠭᠡᠨ ᠪᠠᠶᠢᠭᠤᠯᠤᠭᠰᠠᠨ ᠠᠩᠭᠧᠰ ᠠᠯᠠᠰᠢᠨ ᠦᠬᠡᠷ ᠤᠨ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠢᠴᠢ ᠵᠦᠷᠢᠶᠡᠵᠢᠬᠦᠯᠦᠨ ᠪᠣᠷᠳᠣᠵᠤ ᠲᠠᠷᠭᠤᠯᠠᠭᠤᠯᠬᠤ ᠪᠠᠷ ᠭᠤᠤᠯ | ᠪᠣᠯᠭᠠᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠤᠨ᠎ᠠ᠃ ᠲᠡᠷᠡ᠂ ᠬᠤᠷᠰᠢᠶ᠎ᠠ ᠨᠢ | ᠬᠠᠮᠲᠤ ᠶᠢᠨ ᠠᠵᠤ ᠠᠬᠤᠢ ᠪᠠᠷ ᠭᠤᠣᠯ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠴᠢᠨᠠᠷ | ᠰᠠᠶᠢᠲᠠᠢ ᠲᠠᠷᠢᠶᠠᠯᠠᠩ ᠤᠨ ᠡᠬᠢ ᠪᠠᠶᠠᠯᠢᠭ ᠲᠤ ᠲᠦᠰᠢᠭᠯᠡᠨ᠂ ᠣᠷᠴᠢᠯ ᠬᠥᠭᠵᠢᠯᠲᠡ ᠪᠣᠯᠤᠨ ᠠᠮᠢ ᠠᠬᠤᠢ ᠶᠢᠨ ᠠᠮᠤᠷ | ᠲᠦᠪᠰᠢᠨ ᠢ ᠪᠠᠷᠢᠮᠲᠠᠯᠠᠵᠤ᠂ ᠤᠨᠴᠠᠯᠢᠬᠳᠤ ᠠᠵᠤ ᠦᠢᠯᠡᠰ ᠢᠶᠠᠷ ᠬᠠᠮᠲᠤ ᠶᠢᠨ ᠣᠷᠣᠯᠭ᠎ᠠ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠩ ᠾᠧ ᠰᠢᠶᠠᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠲᠣᠭᠤᠷᠢᠭ ᠪᠣᠯ ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ ᠪᠠᠷ | ᠳᠡᠮᠵᠢᠵᠦ ᠪᠥᠲᠥᠭᠡᠨ ᠪᠠᠶᠢᠭᠤᠯᠤᠭᠰᠠᠨ ᠰᠢᠩ ᠾᠧ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠃ | ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠭᠧ ᠵᠢᠶᠦ᠋ᠨ ᠺᠠᠢ ᠲᠦᠷᠦᠯ ᠵᠦᠢᠯ ᠤᠨ ᠬᠠᠷᠢᠭᠤᠴᠠᠯᠭᠠᠲᠠᠨ ᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠣᠨᠣᠰᠴᠠᠢ᠃ | ᠲᠡᠷᠡ ᠴᠢᠬᠤᠯᠠᠴᠢᠯᠠᠭᠰᠠᠨ ᠨᠢ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠣᠯᠪᠠᠰᠤᠷᠠᠭᠤᠯᠬᠤ ᠣᠷᠣᠨ ᠤ ᠲᠥᠷᠥᠯ ᠵᠦᠢᠯ ᠪᠣᠯ ︽ᠲᠥᠪ ᠲᠣᠭᠤᠭᠠᠨ | ᠬᠡᠷ︾ ᠢ ᠪᠠᠶᠢᠭᠤᠯᠬᠤ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾ ᠶᠢ ᠠᠬᠢᠭᠤᠯᠬᠤ ᠭᠤᠤᠯᠳᠠᠯᠭ᠎ᠠ ᠲᠠᠢ | ᠲᠥᠷᠥᠯ ᠵᠦᠢᠯ ᠮᠥᠨ᠃ ᠬᠥᠳᠡᠭᠡ ᠲᠣᠰᠬᠤᠨ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠠᠵᠤ ᠦᠢᠯᠡᠰ ᠤᠨ | ᠬᠡᠯᠬᠢᠶ᠎ᠡ ᠶᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ | ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |