ᠳ᠋ᠢᠶᠠᠨ ᠽᠢ ᠪᠠᠯᠭᠠᠰᠤ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/23
      ᠤᠢᠢᠷ᠎ᠠ ᠶᠢᠨ ᠵᠢᠯ ᠠᠴᠠ᠂ ᠳ᠋ᠢᠶᠠᠨ ᠽᠢ ᠪᠠᠯᠭᠠᠰᠤ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ ᠰᠤᠮᠤᠨ ᠠᠭᠤᠯᠠ ᠶᠢᠨ ᠤᠢ ᠰᠢᠭᠤᠢ ᠶᠢᠨ ᠴᠡᠴᠡᠷᠯᠢᠭ ᠵᠢᠴᠢ ᠭᠤᠷᠪᠠᠨ ᠮᠤᠵᠢ ᠶᠢᠨ ᠠᠭᠤᠯᠵᠠᠷ ᠲᠠᠬᠢ ᠣᠨᠴᠠᠭᠠᠢ ᠣᠷᠣᠨ ᠪᠠᠶᠢᠷᠢ ᠪᠣᠯᠤᠨ ᠬᠤᠪᠢᠰᠬᠠᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠵᠤᠭᠠᠴᠠᠯ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠯᠦ ᠵᠢᠶᠠ ᠶᠢᠩ ᠲᠣᠰᠬᠤᠨ ᠳᠤ ᠢᠳᠡᠬᠦ᠂ ᠰᠠᠭᠤᠬᠤ᠂ ᠵᠤᠭᠠᠴᠠᠬᠤ ᠶᠢ ᠨᠢᠭᠡ ᠴᠤᠬᠴᠠᠵᠢᠭᠤᠯᠤᠬᠰᠠᠨ ᠤᠨᠴᠠᠯᠢᠬᠳᠤ ᠠᠮᠢ ᠠᠬᠤᠢ ᠶᠢᠨ ᠵᠤᠭᠠᠴᠠᠯ ᠤᠨ ᠵᠢᠵᠢᠭ ᠪᠠᠯᠭᠠᠰᠤ ᠶᠢ ᠪᠠᠶᠢᠭᠤᠯᠵᠠᠢ᠃ 30 ᠭᠠᠷᠤᠢ ᠬᠥᠮᠦᠨ ᠤ ᠠᠵᠢᠯ ᠣᠯᠭᠤᠯᠲᠠ ᠶᠢ ᠲᠠᠶᠢᠴᠢᠯᠠᠵᠤ᠂ ᠬᠥᠮᠦᠨ ᠳᠤᠮᠳᠠᠴᠢ ᠶᠢᠨ ᠵᠢᠯ ᠳᠤ 1.5 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ︽ᠦᠵᠡᠮᠵᠢ ᠶᠢᠨ ᠣᠷᠣᠨ + ᠠᠷᠠᠳ ᠤᠨ ᠣᠷᠣᠨ ᠰᠠᠭᠤᠴᠠ︾ ᠶᠢᠨ ᠣᠷᠭᠠᠨᠢᠭ ᠢᠶᠠᠷ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠡᠨᠡ ᠵᠢᠯ 15 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠤᠭᠰᠠᠨ ᠪᠥᠭᠡᠳ ᠤᠷᠢᠳ ᠬᠤᠵᠢᠳ ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ᠂ ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠵᠢᠴᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠤ ᠢᠷᠠᠭᠤ ᠠᠯᠳᠠᠷ ᠤᠨ ᠴᠣᠯᠠ ᠶᠢ ᠬᠦᠷᠳᠡᠵᠡᠢ᠃       ᠡᠨᠡ ᠵᠢᠯ ᠠᠴᠠ ᠨᠠᠭᠠᠰᠢ᠂ ᠳ᠋ᠢᠶᠠᠨ ᠽᠢ ᠪᠠᠯᠭᠠᠰᠤ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ ︾ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠯᠦ ᠵᠢᠶᠠ ᠶᠢᠩ ᠲᠣᠰᠬᠤᠨ ᠤ 223 ᠮᠤᠵᠢ ᠶᠢᠨ ᠵᠠᠮ ᠪᠣᠯᠤᠨ 565 ᠰᠢᠶᠠᠨ ᠤ ᠵᠠᠮ ᠤᠨ ᠠᠭᠤᠯᠵᠠᠷ ᠲᠤ ᠪᠠᠶᠢᠷᠢᠯᠠᠵᠤ ᠪᠠᠶᠢᠭ᠎ᠠ 33 ᠲᠠᠰᠤᠯᠭ᠎ᠠ ᠲᠣᠰᠬᠤᠨ ᠤ ᠠᠷᠠᠳ ᠤᠨ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢ ᠦᠵᠡᠮᠵᠢ ᠶᠢᠨ ᠣᠷᠣᠨ ᠤ ᠠᠷᠠᠳ ᠤᠨ ᠣᠷᠣᠨ ᠰᠠᠭᠤᠴᠠ ᠪᠣᠯᠭᠠᠬᠤ ᠶᠢᠨ ᠬᠠᠮᠲᠤ ᠪᠠᠰᠠ ᠠᠵᠤ ᠠᠬᠤᠶᠢᠯᠠᠯ ᠲᠠᠢ ᠬᠠᠮᠲᠤᠷᠠᠯᠴᠠᠵᠤ᠂ ᠠᠵᠤ ᠠᠬᠤᠶᠢᠯᠠᠯ ᠠᠴᠠ ᠡᠵᠡᠩᠨᠡᠬᠦ ᠶᠢᠨ ᠬᠠᠮᠲᠤ ᠲᠣᠰᠬᠤᠨ ᠤ ᠬᠠᠮᠲᠤ ᠶᠢᠨ ᠠᠵᠤ ᠠᠬᠤᠢ ᠳᠤ 13 . 5 ᠲᠦᠮᠡᠨ ᠲᠥᠭᠦᠷᠢᠭ ᠲᠤᠰᠢᠶᠠᠬᠤ ᠪᠣᠯᠤᠨ᠎ᠠ᠃ ᠤᠤᠯ ᠨᠢ ᠲᠣᠰᠬᠤᠨ ᠤ ᠠᠷᠠᠳ ᠤᠨ ᠰᠤᠯᠠ ᠪᠠᠶᠢᠭ᠎ᠠ ᠬᠡᠷ ᠪᠠᠶᠢᠰᠢᠩ ᠢ ᠵᠠᠰᠠᠨ ᠰᠢᠨᠡᠳᠬᠡᠵᠦ᠂ ᠣᠲᠣ ᠨᠢᠭᠡᠨᠲᠡ ᠦᠵᠡᠮᠵᠢ ᠶᠢᠨ ᠣᠷᠣᠨ ᠤ ᠣᠶᠢᠷ᠎ᠠ ᠬᠠᠪᠢ ᠶᠢᠨ ᠭᠤᠶᠣ ᠬᠡᠭᠡᠨᠴᠢᠷ ᠠᠷᠠᠳ ᠤᠨ ᠰᠠᠭᠤᠴᠠ ᠪᠣᠯᠵᠣ᠂ ᠡᠮᠦᠨᠡᠬᠢ ᠲᠡᠷᠭᠡᠨ ᠵᠣᠭᠰᠣᠭᠠᠯ ᠨᠢ ᠵᠠᠮ ᠬᠠᠷᠢᠯᠴᠠᠭ᠎ᠠ ᠳᠥᠭᠦᠮ ᠳᠥᠲᠡ ᠪᠣᠯᠵᠠᠶ᠃ ᠠᠷᠠᠳ ᠤᠨ ᠣᠷᠣᠨ ᠰᠠᠭᠤᠴᠠ ᠨᠢ ᠰᠤᠮᠤᠨ ᠠᠭᠤᠯᠠᠨ ᠤ ᠬᠠᠪᠤᠷ᠂ ᠵᠤᠨ᠂ ᠨᠠᠮᠤᠷ᠂ ᠡᠪᠦᠯ ᠵᠡᠷᠭᠡ ᠳᠥᠷᠪᠡᠨ ᠤᠯᠠᠷᠢᠯ ᠤᠨ ᠦᠵᠡᠮᠵᠢ ᠪᠠᠷ ᠭᠤᠤᠯ ᠰᠡᠳᠦᠪ ᠪᠣᠯᠭᠠᠵᠤ᠂ ᠵᠤᠭᠠᠴᠠᠭᠰᠠᠳ ᠢ ᠠᠮᠠᠷᠠᠬᠤ ᠶᠢᠨ ᠬᠠᠮᠲᠤ ᠲᠤᠬᠠᠶ ᠶᠢᠨ ᠭᠠᠵᠠᠷ ᠤᠨ ᠥᠪᠡᠷᠮᠢᠴᠡ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ ᠮᠡᠳᠡᠷᠡᠭᠦᠯᠦᠨ᠎ᠡ᠃ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠶ ᠪᠠᠰᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠪᠠ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3