ᠣᠶᠢᠷ᠎ᠠ ᠳᠤ᠂ ᠵᠠᠩ ᠭᠤᠤ ᠪᠠᠯᠭᠠᠰᠤ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠡᠨᠡ | ᠬᠦ ᠭᠤᠤᠯ ᠱᠤᠭᠤᠮ ᠤᠨ ᠲᠣᠭᠤᠷᠢᠨ ᠳᠤ᠂ ᠠᠲᠠᠷᠰᠢᠭᠤᠯᠤᠭᠰᠠᠨ ᠭᠠᠵᠠᠷ ᠢ ᠲᠤᠰᠬᠠᠶ ᠴᠡᠭᠴᠡᠯᠡᠨ ᠵᠠᠰᠠᠬᠤ ᠭᠤᠤᠯᠳᠠᠯᠭ᠎ᠠ ᠲᠠᠢ | ᠡᠭᠦᠷᠭᠡ ᠶᠢ ᠴᠢᠩᠭ᠎ᠠ ᠠᠩᠬᠠᠷᠴᠤ᠂ ᠡᠯ᠎ᠡ ᠲᠣᠰᠬᠤᠨ ᠳᠤ ᠭᠦᠨᠵᠡᠭᠡᠶᠢᠷᠡᠨ ᠠᠲᠠᠷᠰᠢᠭᠤᠯᠤᠭᠰᠠᠨ ᠭᠠᠵᠠᠷ ᠤᠨ ᠵᠢᠷᠤᠭ ᠤᠨ | ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠴᠤ᠂ ᠠᠲᠠᠷᠰᠢᠭᠤᠯᠤᠭᠰᠠᠨ | ᠭᠠᠵᠠᠷ ᠤᠨ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ | ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠪᠡ᠃ | ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠳᠤ ᠨᠡᠶᠢᠲᠡ 1656 ᠠᠲᠠᠷᠰᠢᠭᠤᠯᠤᠭᠰᠠᠨ ᠭᠠᠵᠠᠷ ᠤᠨ ᠵᠢᠷᠤᠭ ᠤᠨ | ᠲᠣᠯᠪᠤ ᠶᠢ ᠬᠢᠨᠠᠨ ᠬᠠᠷᠭᠤᠭᠤᠯᠬᠤ ᠴᠢᠬᠤᠯᠠᠲᠠᠶ ᠪᠠᠶᠢᠵᠤ᠂ ᠠᠲᠠᠷᠰᠢᠭᠤᠯᠤᠭᠰᠠᠨ ᠭᠠᠵᠠᠷ 1.64 ᠲᠦᠮᠡᠨ ᠮᠥ ᠳᠤ | ᠬᠤᠯᠪᠣᠭᠳᠠᠵᠤ ᠪᠠᠶᠢᠨ᠎ᠠ᠂ ᠡᠭᠦᠨ ᠳᠤ ᠢᠦᠶ ᠱᠦ᠋ ᠶᠣᠣ ᠲᠣᠰᠬᠤᠨ ᠤ ᠠᠷᠠᠳ ᠤᠨ ᠵᠥᠪᠯᠡᠯ ᠨᠢᠭᠡᠨᠲᠡ ᠬᠢᠨᠠᠨ ᠬᠠᠷᠭᠤᠭᠤᠯᠬᠤ | ᠠᠵᠢᠯ ᠢᠶᠠᠨ ᠪᠦᠬᠦᠨ ᠢ ᠳᠠᠭᠤᠰᠬᠠᠵᠤ᠂ ᠪᠤᠰᠤᠳ ᠲᠣᠰᠬᠤᠨ ᠤ ᠠᠷᠠᠳ ᠤᠨ ᠵᠥᠪᠯᠡᠯ ᠶᠠᠭ ᠵᠠᠯᠭᠠᠭ᠎ᠠ ᠪᠠᠷ ᠬᠢᠨᠠᠨ | ᠬᠠᠷᠭᠤᠭᠤᠯᠵᠤ ᠪᠢᠴᠢᠵᠦ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤ ᠶᠢᠨ ᠬᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭ᠎ᠠ ᠭᠤᠣᠯ | ᠠᠵᠢᠯ ᠳᠠᠭᠠᠨ ᠰᠠᠭᠤᠷᠢᠯᠠᠵᠤ᠂ ᠲᠤᠰᠬᠠᠢ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ | ᠬᠠᠷᠢᠭᠤᠴᠠᠯᠭ᠎ᠠ ᠲᠠᠢ᠂ ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠠᠲᠠᠷᠰᠢᠭᠤᠯᠤᠭᠰᠠᠨ ᠭᠠᠵᠠᠷ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠵᠡᠷᠭᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ | ᠲᠦᠪᠰᠢᠨ ᠢ ᠬᠠᠮᠠᠭᠠᠯᠠᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |