11 ᠰᠠᠷ᠎ᠠ ᠶᠢᠨ 22 ᠤᠨ ᠡᠳᠦᠷ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ | ᠬᠤᠷᠠᠯ ᠡᠷᠭᠢᠯᠡᠪᠡ᠃ | ᠬᠤᠷᠠᠯ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ | ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ ᠰᠤᠷᠤᠯᠴᠠᠵᠤ᠂ ︽ᠰᠢᠩ ᠡᡁᠧ ᠰᠢᠶᠠᠨ ᠤ ᠭᠡᠷᠡᠴᠢᠯᠡᠬᠦ | ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠨᠠᠷᠢᠨ ᠲᠠᠩᠰᠠ ︵ᠨᠢᠭᠡᠳᠦᠭᠡᠷ ᠪᠦᠯᠦᠭ︶︾ ᠢ ᠬᠢᠨᠠᠨ | ᠵᠥᠪᠯᠡᠵᠦ ᠪᠠᠲᠤᠯᠠᠭᠠᠳ᠂ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ | ᠲᠤᠯᠭᠠᠮ᠎ᠠ ᠰᠡᠳᠬᠢᠯᠭᠡ ᠶᠢ ᠴᠢᠨᠠᠭᠰᠢᠳᠠ ᠴᠢᠩᠭᠠᠳᠬᠠᠵᠤ᠂ ︽ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ | ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲᠧᠮ ᠢ ᠲᠦᠷᠭᠡᠨ ᠪᠠᠶᠢᠭᠤᠯᠵᠤ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ᠬᠤᠷᠠᠯ ᠠᠴᠠ ᠴᠢᠩᠭᠠᠳᠬᠠᠭᠰᠠᠨ ᠨᠢ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ | ᠴᠣᠭᠴᠠ ᠶᠢᠨ ᠢᠨᠵᠧᠨᠧᠷᠢᠩ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠮᠠᠨ ᠤ ᠰᠢᠶᠠᠨ ᠤ ᠳᠡᠭᠡᠳᠦ ᠲᠤᠤᠷᠠᠳᠤ | ᠱᠠᠲᠤᠨ ᠤ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠡᠯ᠎ᠡ ᠵᠦᠢᠯ ᠤᠨ | ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠢᠮ ᠤᠨ | ᠰᠢᠰᠲ᠋ᠧᠮ ᠤᠨ ᠪᠠᠶᠢᠭᠤᠯᠤᠯᠲᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠮᠠᠨ ᠤ ᠰᠢᠶᠠᠨ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠪᠦᠯᠦᠭ ᠤᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠬᠢᠨᠠᠮᠠᠭᠠᠶ ᠭᠦᠢᠴᠡᠳᠬᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠵᠤ᠂ ᠰᠢᠪᠠᠳᠠᠨ | ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠬᠤᠯᠠᠴᠢᠯᠠᠨ᠎ᠠ᠃ ᠭᠤᠣᠯᠳᠠᠯᠭ᠎ᠠ ᠲᠠᠢ ᠭᠤᠭᠴᠤᠭ᠎ᠠ ᠪᠣᠯᠤᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠫᠠᠨ ᠸᠧᠨ᠂ ᠵᠤᠤ ᠬᠤᠢ ᠵᠢᠤᠢ᠂ | ᠭᠦᠩ ᠰᠢᠤ ᠯᠦᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |