ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/24
      11 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ᠢᠯᠡᠳᠬᠡᠯ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ︽ᠰᠢᠩ ᠾᠧ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠬᠢᠨᠠᠨ ᠶᠠᠷᠢᠯᠴᠠᠪᠠ︔ ︽ᠲᠠᠪᠤᠨ ᠶᠡᠭᠡ ᠡᠭᠦᠷᠭᠡ︾᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠨᠡᠭᠦᠷᠡᠰᠦ ᠶᠢ ᠴᠠᠬᠢᠯᠭᠠᠨ ᠪᠣᠯᠭᠠᠬᠤ ᠥᠭᠡᠷᠡᠴᠢᠯᠡᠯᠲᠡ ᠶᠢᠨ ᠠᠬᠢᠴᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠭᠠᠵᠠᠷ ᠰᠢᠷᠣᠶ ᠶᠢ ᠰᠢᠯᠵᠢᠭᠦᠯᠦᠨ ᠥᠭᠬᠦ ᠵᠡᠷᠭᠡ ᠤᠴᠢᠷ ᠶᠠᠪᠤᠳᠠᠯ ᠢ ᠰᠤᠳᠤᠯᠤᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠢᠶᠠᠨ ᠤ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠪᠥᠬᠦ ᠰᠢᠶᠠᠨ ᠤ ᠳᠠᠪᠠᠭᠤᠯᠢᠭ ᠠᠵᠤ  ᠦᠢᠯᠡᠰ ᠤᠨ ᠲᠣᠭᠤᠷᠢᠨ ᠳᠤ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠰᠢᠶᠠᠨ ᠤ ᠬᠡᠪᠴᠢᠶᠡᠨ ᠤ ᠤᠨᠴᠠᠯᠢᠭᠳᠤ ᠠᠵᠤ  ᠦᠢᠯᠡᠰ ᠤᠨ ᠰᠦᠷᠦᠭᠵᠢᠯ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢᠶᠠᠷ ᠸᠠᠩ ᠪᠣᠯᠭᠠᠬᠤ ᠤᠢᠢᠯᠠᠭᠠᠭᠳᠠᠬᠤᠨ ᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠦᠨᠡᠨᠬᠦ ᠭᠦᠨᠵᠡᠭᠡᠢ ᠨᠠᠷᠢᠨ ᠪᠣᠳᠠᠲᠠᠢ ᠲᠥᠯᠥᠪᠵᠢᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ  ᠵᠢᠭᠠᠵᠤ ᠭᠠᠷᠭᠠᠭᠰᠠᠨ ᠨᠢ᠂ ︽ᠲᠠᠪᠤᠨ ᠶᠡᠭᠡ ᠡᠭᠦᠷᠭᠡ︾ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ︽ᠲᠠᠪᠤᠨ ᠶᠡᠭᠡ ᠡᠭᠦᠷᠭᠡ︾ ᠶᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠥᠨᠳᠥᠷ ᠪᠦᠲᠦᠮᠵᠢᠲᠡᠶ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠪᠠᠶᠢᠷᠢᠯᠠᠭᠤᠯᠤᠯᠲᠠ ᠪᠠ ᠰᠢᠪᠠᠳᠠᠨ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠠᠷᠪᠠᠨ ᠵᠦᠢᠯ ᠤᠨ ᠪᠣᠳᠠᠲᠤ ᠶᠠᠪᠤᠳᠠᠯ ᠨᠢ ᠣᠯᠠᠨ ᠲᠦᠮᠡᠨ ᠤ ᠦᠨᠡᠨ ᠬᠦ ᠬᠡᠷᠡᠭᠴᠡᠭᠡ ᠳᠤ ᠬᠤᠯᠪᠣᠭᠳᠠᠵᠤ ᠪᠠᠶᠢᠳᠠᠭ ᠪᠣᠯᠬᠤᠷ ᠡᠯ᠎ᠡ ᠬᠡᠷᠡᠭᠵᠢᠭᠦᠯᠬᠦ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠡᠭᠦᠯ ᠬᠤᠷᠢᠶᠠᠬᠤ ᠪᠠ ᠰᠢᠯᠭᠠᠨ ᠠᠪᠬᠤ ᠱᠠᠲᠤᠨ ᠤ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃      ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ ᠬᠤᠷᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3