ᠮᠠᠨ ᠤ ᠰᠢᠶᠠᠨ 2023 ᠣᠨ ᠤ ᠳᠣᠣᠷ᠎ᠠ ᠬᠠᠭᠠᠰ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/24
      11 ᠰᠠᠷ᠎ᠠ ᠶᠢᠨ 22 ᠤᠨ ᠡᠳᠦᠷ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠤᠷᠠᠯ ᠡᠷᠭᠢᠯᠡᠪᠡ᠃      ᠬᠤᠷᠠᠯ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ ᠰᠤᠷᠤᠯᠴᠠᠵᠤ᠂ ︽ᠰᠢᠩ ᠡᡁᠧ ᠰᠢᠶᠠᠨ ᠤ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠨᠠᠷᠢᠨ ᠲᠠᠩᠰᠠ ︵ᠨᠢᠭᠡᠳᠦᠭᠡᠷ ᠪᠦᠯᠦᠭ︶︾ ᠢ ᠬᠢᠨᠠᠨ ᠵᠥᠪᠯᠡᠵᠦ ᠪᠠᠲᠤᠯᠠᠭᠠᠳ᠂ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠲᠤᠯᠭᠠᠮ᠎ᠠ ᠰᠡᠳᠬᠢᠯᠭᠡ ᠶᠢ ᠴᠢᠨᠠᠭᠰᠢᠳᠠ ᠴᠢᠩᠭᠠᠳᠬᠠᠵᠤ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲᠧᠮ ᠢ ᠲᠦᠷᠭᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃      ᠬᠤᠷᠠᠯ ᠠᠴᠠ ᠴᠢᠩᠭᠠᠳᠬᠠᠭᠰᠠᠨ ᠨᠢ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠮᠠᠨ ᠤ ᠰᠢᠶᠠᠨ ᠤ ᠳᠡᠭᠡᠳᠦ ᠲᠤᠤᠷᠠᠳᠤ ᠱᠠᠲᠤᠨ ᠤ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠮᠠᠨ ᠤ ᠰᠢᠶᠠᠨ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ  ᠦᠨᠡᠯᠡᠭᠳᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠵᠤ᠂ ᠰᠢᠪᠠᠳᠠᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠬᠤᠯᠠᠴᠢᠯᠠᠨ᠎ᠠ᠃ ᠭᠤᠣᠯᠳᠠᠯᠭ᠎ᠠ ᠲᠠᠢ ᠭᠤᠭᠴᠤᠭ᠎ᠠ ᠪᠣᠯᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠫᠠᠨ ᠸᠧᠨ᠂ ᠵᠤᠤ ᠬᠤᠢ ᠵᠢᠤᠢ᠂ ᠭᠦᠩ ᠰᠢᠤ ᠯᠦᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                                                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3