ᠰᠢᠩ ᠾᠧ ᠰᠢᠶᠠᠨ ᠪᠦᠬᠦ ᠰᠢᠶᠠᠨ ᠤ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/27
      ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 11 ᠰᠠᠷ᠎ᠠ ᠶᠢᠨ 24᠎ ᠤ ᠡᠳᠦᠷ᠂ ᠰᠢᠶᠠᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠡ ᠪᠦᠬᠦ ᠰᠢᠶᠠᠨ ᠤ ᠬᠤᠳᠠ ᠪᠠᠯᠭᠠᠰᠤᠨ ᠤ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠶᠠᠨ ᠤ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠳᠤᠮᠳᠠ᠂ ᠬᠤᠷᠠᠯ ᠳᠤ ᠣᠷᠣᠯᠴᠠᠭᠰᠠᠨ ᠪᠥᠬᠦ ᠬᠥᠮᠦᠰ ︽ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢᠨ ᠪᠠᠶᠢᠩᠭᠤ ᠲᠣᠬᠢᠶᠠᠯᠳᠤᠳᠠᠭ ᠠᠮᠤᠷ ᠲᠦᠪᠰᠢᠨ ᠤ ᠳᠠᠯᠳᠠ ᠬᠡᠮ︾᠎ ᠢ ᠲᠥᠪᠯᠡᠷᠡᠭᠦᠯᠦᠨ ᠰᠤᠷᠤᠯᠴᠠᠵᠤ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠷᠭ᠎ᠠ᠂ ᠰᠢᠩᠭᠡᠨᠵᠢᠮᠡᠯ ᠬᠡᠶ ᠶᠢᠨ ᠪᠣᠯᠣᠳ ᠯᠣᠩᠬᠤ᠂ ᠵᠤᠤᠬ᠎ᠠ ᠶᠢᠨ ᠬᠡᠷᠡᠭᠰᠡᠯ ᠵᠡᠷᠭᠡ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ᠂ ᠯᠡᠪᠡᠷᠡᠯ ᠪᠠ ᠭᠠᠯ ᠤᠨ ᠠᠶᠤᠯ ᠭᠠᠷᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠮᠠᠶ᠋ᠢᠭ ᠤᠨ ᠲᠠᠯ᠎ᠠ ᠪᠠᠷ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠢᠳᠡᠭᠡᠨ ᠤᠮᠳᠠᠭᠠᠨ ᠤ ᠰᠢᠲᠠᠮᠠᠬᠠᠶ ᠬᠡᠶ ᠶᠢᠨ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤᠮᠳᠠᠭᠠᠨ ᠤ ᠠᠵᠢᠯ ᠲᠥᠷᠥᠯ ᠤᠨ ᠠᠵᠢᠯᠲᠠᠳ ᠤᠨ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠮᠡᠳᠡᠯᠭᠡ ᠶᠢᠨ ᠬᠢᠷᠢ ᠲᠦᠪᠰᠢᠨ ᠪᠠ ᠭᠡᠨᠡᠳᠲᠡ ᠶᠢᠨ ᠠᠳᠡᠯ ᠢ ᠰᠡᠷᠭᠡᠶᠢᠯᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠪᠥᠬᠦ ᠰᠢᠶᠠᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3