ᠴᠧᠩ ᠭᠤᠸᠠᠨ ᠪᠠᠯᠭᠠᠰᠤ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠰᠢᠯᠭᠠᠨ ᠠᠪᠬᠤ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2023/11/27
      ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢᠨ ᠦᠨᠳᠦᠰᠦᠨ ᠠᠭᠤᠯᠤᠭᠳᠠᠬᠤᠨ᠂ ᠴᠠᠭ ᠦᠶ᠎ᠡ ᠶᠢᠨ ᠥᠷᠲᠡᠭ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠤᠭᠰᠠᠨ ᠠᠴᠠ ᠨᠠᠰᠢ᠂ ᠴᠧᠩ ᠭᠤᠸᠠᠨ ᠪᠠᠯᠭᠠᠰᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠨᠢᠭᠲᠠᠷᠠᠭᠤᠯᠬᠤ᠂ ᠠᠷᠠᠳ ᠤᠨ ᠰᠠᠨᠠᠭᠠᠰᠢᠷᠠᠯ ᠢ ᠠᠷᠢᠯᠭᠠᠬᠤ ᠶᠢ ᠥᠷᠭᠡᠨ ᠢᠶᠠᠷ ᠲᠠᠶᠢᠴᠢᠯᠠᠵᠦ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠵᠠᠢ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ ᠰᠡᠳᠬᠢᠯᠭᠡ ᠲᠠᠢ ᠬᠤᠯᠪᠣᠭᠳᠠᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠪᠣᠯ ᠠᠷᠠᠳ ᠢᠷᠭᠡᠳ ᠤᠨ ᠪᠤᠶᠠᠨ ᠵᠢᠷᠭᠠᠯ ᠳᠤ ᠬᠤᠯᠪᠣᠭᠳᠠᠬᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠬᠤ ᠪᠥᠭᠡᠳ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠥᠮᠦᠨ ᠪᠦᠬᠦᠨ ᠣᠷᠣᠯᠴᠠᠭᠰᠠᠨ᠂ ᠬᠥᠮᠦᠨ ᠪᠦᠬᠦᠨ ᠡᠳ᠋ᠯᠡᠬᠦ ᠪᠣᠬᠢᠷᠲᠤᠯ ᠥᠬᠡᠶ᠂ ᠠᠷᠪᠢᠲᠠᠶ᠂ ᠥᠨᠳᠥᠷ ᠪᠦᠲᠦᠮᠵᠢᠲᠡᠶ᠂ ᠵᠣᠬᠢᠴᠠᠩᠭᠤᠶ ᠳᠤᠯᠠᠭᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠲᠠ ᠶᠢᠨ ᠪᠣᠭᠤᠮᠲᠠ ᠪᠠᠯᠭᠠᠰᠤ ᠨᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠪᠠᠷ ᠭᠠᠷᠳᠠᠴᠠ ᠪᠣᠯᠭᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠪᠠᠭᠤᠯᠭᠠᠵᠤ᠂ ᠦᠢᠯᠡᠴᠢᠯᠡᠭᠡᠨ ᠤ ᠬᠢᠨᠠᠯᠲᠠ ᠲᠠᠯᠪᠢᠯᠲᠠ ᠶᠢ ᠰᠠᠶᠢᠲᠤᠷ ᠬᠢᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠰᠢᠯᠭᠠᠨ ᠠᠪᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃      ᠰᠢᠯᠭᠠᠨ ᠠᠪᠬᠤ ᠠᠵᠢᠯ ᠡᠬᠢᠯᠡᠬᠦ ᠠᠴᠠ ᠡᠮᠦᠨ᠎ᠡ᠂ ᠴᠧᠩ ᠭᠤᠸᠠᠨ ᠪᠠᠯᠭᠠᠰᠤ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠰᠢᠯᠭᠠᠨ ᠠᠪᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠯᠭᠠᠨ ᠠᠪᠬᠤ ᠪᠠᠷᠢᠮᠵᠢᠶ᠎ᠠ ᠶᠢ ᠨᠢᠭᠡᠳᠬᠡᠨ᠂ ᠰᠢᠯᠭᠠᠨ ᠠᠪᠬᠤ ᠵᠢᠷᠤᠮ ᠢ ᠵᠢᠷᠤᠮᠵᠢᠭᠤᠯᠵᠤ᠂ ᠰᠢᠯᠭᠠᠨ ᠠᠪᠬᠤ ᠬᠥᠮᠦᠰ ᠢ ᠰᠢᠯᠭᠠᠨ ᠠᠪᠬᠤ ᠬᠦᠰᠦᠨᠦᠭᠲᠦ ᠲᠠᠢ ᠬᠠᠷᠢᠴᠠᠭᠤᠯᠤᠨ ᠵᠦᠢᠯ ᠳᠠᠷᠠᠭᠠᠯᠠᠨ ᠨᠠᠷᠢᠨ ᠬᠢᠨᠠᠮᠠᠭᠠᠶ ᠪᠠᠶᠢᠴᠠᠭᠠᠵᠤ ᠰᠢᠯᠭᠠᠨ ᠠᠪᠬᠤ ᠬᠡᠷᠡᠭᠲᠡᠶ ᠭᠡᠵᠦ ᠱᠠᠭᠠᠷᠳᠠᠵᠠᠶ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠳᠤ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠨᠢ ᠠᠰᠠᠭᠤᠬᠤ ᠪᠣᠯ ᠵᠠᠩᠭᠢᠯᠠᠭ᠎ᠠ ᠪᠣᠯᠤᠨ᠎ᠠ᠃ ᠰᠢᠯᠭᠠᠨ ᠠᠪᠬᠤ ᠶᠠᠪᠤᠴᠠ ᠳᠤ᠂ ᠴᠧᠩ ᠭᠤᠸᠠᠨ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠦᠨᠡᠨ ᠠᠴᠠ ᠵᠥᠪ ᠢ ᠡᠷᠢᠬᠦ᠂ ᠨᠢᠭᠡ ᠡᠷᠦᠬᠡ ᠳᠤ ᠨᠢᠭᠡ ᠰᠢᠯᠭᠠᠨ ᠠᠪᠬᠤ ᠵᠠᠷᠴᠢᠮ ᠢ ᠴᠢᠩᠭ᠎ᠠ ᠪᠠᠷᠢᠮᠲᠠᠯᠠᠨ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾᠎ ᠤᠨ ᠮᠠᠲ᠋ᠧᠷᠢᠶᠠᠯ ᠤᠨ ᠰᠠᠭᠤᠷᠢᠨ ᠳᠡᠭᠡᠷ᠎ᠡ ᠡᠷᠦᠬᠡ ᠳᠠᠷᠠᠭᠠᠯᠠᠨ ᠬᠦᠷᠴᠦ ᠲᠣᠨᠤᠭ ᠲᠥᠬᠦᠭᠡᠷᠦᠮᠵᠢ ᠤᠭᠰᠠᠷᠠᠭᠰᠠᠨ ᠪᠠᠶᠢᠳᠠᠯ ᠢ ᠰᠢᠯᠭᠠᠨ ᠪᠠᠶᠢᠴᠠᠭᠠᠵᠤ᠂ ᠰᠡᠯᠪᠢᠭ ᠲᠣᠨᠤᠭ ᠪᠠ ᠤᠲᠠᠰᠤᠨ ᠮᠠᠲ᠋ᠧᠷᠢᠶᠠᠯ ᠵᠡᠷᠭᠡ ᠳᠠᠭᠠᠯᠲᠠ ᠲᠣᠨᠤᠭ ᠨᠢ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠲᠣᠨᠤᠭ ᠲᠥᠬᠦᠭᠡᠷᠦᠮᠵᠢ ᠶᠢᠨ ᠲᠠᠯ᠎ᠠ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠳ᠋ᠢᠶᠠᠩᠬᠤᠸᠠ ᠶᠢ ᠨᠠᠭᠠᠭᠰᠠᠨ ᠡᠰᠡᠬᠦ ᠵᠡᠷᠭᠡ ᠶᠢ ᠬᠠᠷᠭᠤᠭᠤᠯᠤᠨ ᠪᠠᠶᠢᠴᠠᠭᠠᠨ᠎ᠠ᠃ ᠡᠭᠦᠨ ᠤ ᠵᠡᠷᠭᠡᠴᠡᠭᠡᠪᠡᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠨᠢ ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠭᠴᠢ ᠪᠤᠯᠵᠤ᠂ ᠬᠡᠷᠡᠭᠯᠡᠭᠴᠢᠳ ᠲᠠᠢ ᠶᠠᠷᠢᠯᠴᠠᠬᠤ ᠶᠠᠪᠤᠴᠠ ᠳᠠᠭᠠᠨ ᠭᠠᠴᠠᠭᠠᠨ ᠤ ᠠᠷᠠᠳ ᠤᠨ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠣᠯᠪᠠᠰᠤᠷᠠᠯ ᠬᠥᠷᠳᠡᠭᠰᠡᠨ ᠡᠰᠡᠬᠦ ᠵᠢᠴᠢ ᠲᠤᠨᠤᠭ ᠲᠥᠬᠦᠭᠡᠷᠦᠮᠵᠢ ᠶᠢ ᠤᠭᠰᠠᠷᠠᠨ ᠬᠡᠷᠡᠭᠯᠡᠬᠦ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ ᠭᠠᠴᠠᠭᠠᠨ ᠤ ᠠᠷᠠᠳ ᠤᠨ ᠬᠡᠷᠡᠭᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠶᠤᠯᠭᠦᠶ ᠶᠢᠨ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠭᠠᠴᠠᠭᠠᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ ᠪᠠᠲᠤᠯᠠᠪᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠪᠣᠭᠤᠮᠲᠠ ᠪᠠᠯᠭᠠᠰᠤ ᠨᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠪᠣᠬᠢᠷᠲᠤᠯ ᠦᠭᠡᠶ︾ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠵᠤ᠂ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠰᠤᠷᠪᠤᠯᠵᠢᠯᠠᠬᠤ ᠶᠢ ᠵᠣᠬᠢᠶᠠᠨ ᠪᠠᠶᠢᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠠᠮ ᠱᠤᠭᠤᠮ ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠴᠠᠭᠠᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠶᠢ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3