ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ | ᠪᠣᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 11 ᠰᠠᠷ᠎ᠠ ᠶᠢᠨ 24 ᠤ ᠡᠳᠦᠷ᠂ ᠰᠢᠶᠠᠨ ᠤ | ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠡ ᠪᠦᠬᠦ ᠰᠢᠶᠠᠨ ᠤ ᠬᠤᠳᠠ ᠪᠠᠯᠭᠠᠰᠤᠨ ᠤ | ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠶᠠᠨ ᠤ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ | ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠪᠣᠯᠪᠠᠰᠤᠷᠠᠭᠤᠯᠤᠯ ᠤᠨ ᠳᠤᠮᠳᠠ᠂ ᠬᠤᠷᠠᠯ ᠳᠤ ᠣᠷᠣᠯᠴᠠᠭᠰᠠᠨ ᠪᠥᠬᠦ ᠬᠥᠮᠦᠰ ︽ᠢᠳᠡᠭᠡᠨ ᠤᠮᠳᠠᠭᠠᠨ ᠤ | ᠡᠵᠡᠩᠨᠡᠯᠲᠡ ᠶᠢᠨ ᠨᠢᠭᠡᠴᠡ ᠶᠢᠨ ᠪᠠᠶᠢᠩᠭᠤ ᠲᠣᠬᠢᠶᠠᠯᠳᠤᠳᠠᠭ ᠠᠮᠤᠷ ᠲᠦᠪᠰᠢᠨ ᠤ ᠳᠠᠯᠳᠠ ᠬᠡᠮ︾ ᠢ ᠲᠥᠪᠯᠡᠷᠡᠭᠦᠯᠦᠨ | ᠰᠤᠷᠤᠯᠴᠠᠵᠤ᠂ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠰᠢᠲᠠᠮᠠᠬᠠᠶ ᠬᠡᠶ ᠶᠢᠨ ᠠᠮᠤᠷ | ᠲᠦᠪᠰᠢᠨ ᠤ ᠪᠠᠶᠢᠴᠠᠭᠠᠯᠲᠠ ᠶᠢᠨ ᠠᠷᠭ᠎ᠠ᠂ ᠰᠢᠩᠭᠡᠨᠵᠢᠮᠡᠯ ᠬᠡᠶ ᠶᠢᠨ ᠪᠣᠯᠣᠳ ᠯᠣᠩᠬᠤ᠂ ᠵᠤᠤᠬ᠎ᠠ ᠶᠢᠨ ᠬᠡᠷᠡᠭᠰᠡᠯ | ᠵᠡᠷᠭᠡ ᠲᠥᠬᠦᠭᠡᠷᠦᠮᠵᠢ ᠶᠢᠨ ᠠᠮᠤᠷ ᠲᠦᠪᠰᠢᠨ ᠤ ᠮᠡᠳᠡᠯᠭᠡ᠂ ᠯᠡᠪᠡᠷᠡᠯ ᠪᠠ ᠭᠠᠯ ᠤᠨ ᠠᠶᠤᠯ ᠭᠠᠷᠬᠤ ᠦᠶ᠎ᠡ ᠶᠢᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠮᠠᠶ᠋ᠢᠭ ᠤᠨ ᠲᠠᠯ᠎ᠠ ᠪᠠᠷ ᠠᠮᠤᠷ ᠲᠦᠪᠰᠢᠨ ᠤ ᠮᠡᠳᠡᠯᠭᠡ ᠶᠢᠨ | ᠪᠣᠯᠪᠠᠰᠤᠷᠠᠭᠤᠯᠤᠯ ᠬᠢᠭᠰᠡᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠢᠳᠡᠭᠡᠨ ᠤᠮᠳᠠᠭᠠᠨ ᠤ ᠰᠢᠲᠠᠮᠠᠬᠠᠶ | ᠬᠡᠶ ᠶᠢᠨ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠦᠵᠡᠯ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤᠮᠳᠠᠭᠠᠨ ᠤ ᠠᠵᠢᠯ ᠲᠥᠷᠥᠯ ᠤᠨ ᠠᠵᠢᠯᠲᠠᠳ ᠤᠨ | ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠮᠡᠳᠡᠯᠭᠡ ᠶᠢᠨ ᠬᠢᠷᠢ ᠲᠦᠪᠰᠢᠨ ᠪᠠ ᠭᠡᠨᠡᠳᠲᠡ ᠶᠢᠨ ᠠᠳᠡᠯ ᠢ | ᠰᠡᠷᠭᠡᠶᠢᠯᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠰᠢᠲᠠᠮᠠᠬᠠᠶ ᠬᠡᠶ ᠶᠢᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠪᠥᠬᠦ ᠰᠢᠶᠠᠨ ᠤ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |