ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ | ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢᠨ ᠦᠨᠳᠦᠰᠦᠨ ᠠᠭᠤᠯᠤᠭᠳᠠᠬᠤᠨ᠂ ᠴᠠᠭ | ᠦᠶ᠎ᠡ ᠶᠢᠨ ᠥᠷᠲᠡᠭ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ | ᠬᠥᠮᠦᠵᠢᠯ ᠢ ᠰᠤᠷᠤᠯᠴᠠᠨ ᠲᠤᠤᠱᠯᠠᠭᠤᠯᠤᠭᠰᠠᠨ ᠠᠴᠠ ᠨᠠᠰᠢ᠂ ᠴᠧᠩ ᠭᠤᠸᠠᠨ ᠪᠠᠯᠭᠠᠰᠤ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ | ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠲᠠᠢ ᠨᠢᠭᠲᠠ | ᠬᠠᠷᠢᠯᠴᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠨᠢᠭᠲᠠᠷᠠᠭᠤᠯᠬᠤ᠂ ᠠᠷᠠᠳ ᠤᠨ ᠰᠠᠨᠠᠭᠠᠰᠢᠷᠠᠯ ᠢ | ᠠᠷᠢᠯᠭᠠᠬᠤ ᠶᠢ ᠥᠷᠭᠡᠨ ᠢᠶᠠᠷ ᠲᠠᠶᠢᠴᠢᠯᠠᠵᠦ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ | ᠤᠯᠬᠤ ᠶᠢ ᠪᠠᠲᠤᠯᠠᠵᠠᠢ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ ᠰᠡᠳᠬᠢᠯᠭᠡ ᠲᠠᠢ | ᠬᠤᠯᠪᠣᠭᠳᠠᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠪᠣᠯ ᠠᠷᠠᠳ ᠢᠷᠭᠡᠳ ᠤᠨ ᠪᠤᠶᠠᠨ | ᠵᠢᠷᠭᠠᠯ ᠳᠤ ᠬᠤᠯᠪᠣᠭᠳᠠᠬᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠬᠤ ᠪᠥᠭᠡᠳ ᠬᠦᠬᠡ ᠣᠭᠲᠠᠷᠭᠤᠢ ᠶᠢ | ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠥᠮᠦᠨ ᠪᠦᠬᠦᠨ | ᠣᠷᠣᠯᠴᠠᠭᠰᠠᠨ᠂ ᠬᠥᠮᠦᠨ ᠪᠦᠬᠦᠨ ᠡᠳ᠋ᠯᠡᠬᠦ ᠪᠣᠬᠢᠷᠲᠤᠯ ᠥᠬᠡᠶ᠂ ᠠᠷᠪᠢᠲᠠᠶ᠂ ᠥᠨᠳᠥᠷ ᠪᠦᠲᠦᠮᠵᠢᠲᠡᠶ᠂ ᠵᠣᠬᠢᠴᠠᠩᠭᠤᠶ | ᠳᠤᠯᠠᠭᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠲᠠ ᠶᠢᠨ ᠪᠣᠭᠤᠮᠲᠠ | ᠪᠠᠯᠭᠠᠰᠤ ᠨᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠠᠷᠳᠠᠴᠠ ᠪᠣᠯᠭᠠᠵᠤ᠂ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠪᠠᠭᠤᠯᠭᠠᠵᠤ᠂ ᠦᠢᠯᠡᠴᠢᠯᠡᠭᠡᠨ ᠤ | ᠬᠢᠨᠠᠯᠲᠠ ᠲᠠᠯᠪᠢᠯᠲᠠ ᠶᠢ ᠰᠠᠶᠢᠲᠤᠷ ᠬᠢᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ | ᠰᠢᠯᠭᠠᠨ ᠠᠪᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠲᠠᠢ | ᠬᠠᠷᠢᠯᠴᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠪᠠ᠃ | ᠰᠢᠯᠭᠠᠨ ᠠᠪᠬᠤ ᠠᠵᠢᠯ ᠡᠬᠢᠯᠡᠬᠦ ᠠᠴᠠ ᠡᠮᠦᠨ᠎ᠡ᠂ ᠴᠧᠩ ᠭᠤᠸᠠᠨ ᠪᠠᠯᠭᠠᠰᠤ ᠬᠤᠯᠪᠣᠭᠳᠠᠯ ᠪᠦᠬᠦᠢ ᠭᠠᠴᠠᠭᠠᠨ ᠤ | ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠰᠢᠯᠭᠠᠨ ᠠᠪᠬᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠯᠭᠠᠨ ᠠᠪᠬᠤ ᠪᠠᠷᠢᠮᠵᠢᠶ᠎ᠠ ᠶᠢ ᠨᠢᠭᠡᠳᠬᠡᠨ᠂ ᠰᠢᠯᠭᠠᠨ ᠠᠪᠬᠤ | ᠵᠢᠷᠤᠮ ᠢ ᠵᠢᠷᠤᠮᠵᠢᠭᠤᠯᠵᠤ᠂ ᠰᠢᠯᠭᠠᠨ ᠠᠪᠬᠤ ᠬᠥᠮᠦᠰ ᠢ ᠰᠢᠯᠭᠠᠨ ᠠᠪᠬᠤ ᠬᠦᠰᠦᠨᠦᠭᠲᠦ ᠲᠠᠢ ᠬᠠᠷᠢᠴᠠᠭᠤᠯᠤᠨ ᠵᠦᠢᠯ | ᠳᠠᠷᠠᠭᠠᠯᠠᠨ ᠨᠠᠷᠢᠨ ᠬᠢᠨᠠᠮᠠᠭᠠᠶ ᠪᠠᠶᠢᠴᠠᠭᠠᠵᠤ ᠰᠢᠯᠭᠠᠨ ᠠᠪᠬᠤ ᠬᠡᠷᠡᠭᠲᠡᠶ ᠭᠡᠵᠦ ᠱᠠᠭᠠᠷᠳᠠᠵᠠᠶ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠳᠤ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠨᠢ | ᠠᠰᠠᠭᠤᠬᠤ ᠪᠣᠯ ᠵᠠᠩᠭᠢᠯᠠᠭ᠎ᠠ ᠪᠣᠯᠤᠨ᠎ᠠ᠃ ᠰᠢᠯᠭᠠᠨ ᠠᠪᠬᠤ ᠶᠠᠪᠤᠴᠠ ᠳᠤ᠂ ᠴᠧᠩ ᠭᠤᠸᠠᠨ ᠪᠠᠯᠭᠠᠰᠤᠨ ᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠦᠨᠡᠨ ᠠᠴᠠ ᠵᠥᠪ ᠢ ᠡᠷᠢᠬᠦ᠂ ᠨᠢᠭᠡ ᠡᠷᠦᠬᠡ ᠳᠤ ᠨᠢᠭᠡ ᠰᠢᠯᠭᠠᠨ ᠠᠪᠬᠤ ᠵᠠᠷᠴᠢᠮ ᠢ | ᠴᠢᠩᠭ᠎ᠠ ᠪᠠᠷᠢᠮᠲᠠᠯᠠᠨ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠮᠠᠲ᠋ᠧᠷᠢᠶᠠᠯ ᠤᠨ ᠰᠠᠭᠤᠷᠢᠨ ᠳᠡᠭᠡᠷ᠎ᠡ ᠡᠷᠦᠬᠡ | ᠳᠠᠷᠠᠭᠠᠯᠠᠨ ᠬᠦᠷᠴᠦ ᠲᠣᠨᠤᠭ ᠲᠥᠬᠦᠭᠡᠷᠦᠮᠵᠢ ᠤᠭᠰᠠᠷᠠᠭᠰᠠᠨ ᠪᠠᠶᠢᠳᠠᠯ ᠢ ᠰᠢᠯᠭᠠᠨ ᠪᠠᠶᠢᠴᠠᠭᠠᠵᠤ᠂ ᠰᠡᠯᠪᠢᠭ ᠲᠣᠨᠤᠭ ᠪᠠ | ᠤᠲᠠᠰᠤᠨ ᠮᠠᠲ᠋ᠧᠷᠢᠶᠠᠯ ᠵᠡᠷᠭᠡ ᠳᠠᠭᠠᠯᠲᠠ ᠲᠣᠨᠤᠭ ᠨᠢ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ | ᠲᠣᠨᠤᠭ ᠲᠥᠬᠦᠭᠡᠷᠦᠮᠵᠢ ᠶᠢᠨ ᠲᠠᠯ᠎ᠠ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠳ᠋ᠢᠶᠠᠩᠬᠤᠸᠠ ᠶᠢ ᠨᠠᠭᠠᠭᠰᠠᠨ | ᠡᠰᠡᠬᠦ ᠵᠡᠷᠭᠡ ᠶᠢ ᠬᠠᠷᠭᠤᠭᠤᠯᠤᠨ ᠪᠠᠶᠢᠴᠠᠭᠠᠨ᠎ᠠ᠃ ᠡᠭᠦᠨ ᠤ ᠵᠡᠷᠭᠡᠴᠡᠭᠡᠪᠡᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠨᠢ ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠭᠴᠢ ᠪᠤᠯᠵᠤ᠂ ᠬᠡᠷᠡᠭᠯᠡᠭᠴᠢᠳ ᠲᠠᠢ ᠶᠠᠷᠢᠯᠴᠠᠬᠤ | ᠶᠠᠪᠤᠴᠠ ᠳᠠᠭᠠᠨ ᠭᠠᠴᠠᠭᠠᠨ ᠤ ᠠᠷᠠᠳ ᠤᠨ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠣᠯᠪᠠᠰᠤᠷᠠᠯ ᠬᠥᠷᠳᠡᠭᠰᠡᠨ ᠡᠰᠡᠬᠦ | ᠵᠢᠴᠢ ᠲᠤᠨᠤᠭ ᠲᠥᠬᠦᠭᠡᠷᠦᠮᠵᠢ ᠶᠢ ᠤᠭᠰᠠᠷᠠᠨ ᠬᠡᠷᠡᠭᠯᠡᠬᠦ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠬᠢᠨᠠᠨ | ᠬᠠᠷᠭᠤᠭᠤᠯᠬᠤ ᠶᠢᠨ ᠬᠠᠮᠲᠤ ᠭᠠᠴᠠᠭᠠᠨ ᠤ ᠠᠷᠠᠳ ᠤᠨ ᠬᠡᠷᠡᠭᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠳᠤ | ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠶᠤᠯᠭᠦᠶ ᠶᠢᠨ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠭᠠᠴᠠᠭᠠᠨ ᠤ | ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠴᠢᠨᠠᠷ ᠴᠢᠨᠰᠠᠭ᠎ᠠ ᠶᠢ ᠪᠠᠲᠤᠯᠠᠪᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠪᠣᠭᠤᠮᠲᠠ ᠪᠠᠯᠭᠠᠰᠤ ᠨᠢ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠪᠣᠬᠢᠷᠲᠤᠯ ᠦᠭᠡᠶ︾ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠲᠥᠷᠥᠯ ᠵᠦᠢᠯ ᠢ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠵᠤ᠂ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ | ᠬᠦᠷᠴᠦ ᠰᠤᠷᠪᠤᠯᠵᠢᠯᠠᠬᠤ ᠶᠢ ᠵᠣᠬᠢᠶᠠᠨ ᠪᠠᠶᠢᠭᠤᠯᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠠᠮ ᠱᠤᠭᠤᠮ | ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠴᠠᠭᠠᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠠᠷᠢᠭᠤᠨ | ᠴᠡᠪᠡᠷ ᠳᠤᠯᠠᠭᠠᠯᠠᠭ᠎ᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠶᠢ ᠪᠠᠲᠤᠯᠠᠵᠤ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |