ᠦ᠋ ᠬᠥ᠋ ᠴᠢᠤᠸᠠᠨ ᠰᠢᠶᠠᠩ ᠤᠨ ︽ᠲᠠᠪᠤ ᠶᠢ ᠪᠣᠳᠠᠲᠠᠶᠢᠵᠢᠭᠤᠯᠵᠤ︾ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠪᠣᠳᠠᠲᠠᠶ ᠪᠠᠷ ᠠᠳᠬᠤᠨ᠎ᠠ
ᠨᠡᠶᠢᠲᠡᠯᠡᠭᠰᠡᠨ ᠴᠠᠭ᠄
2023/11/27
      ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠪᠦᠬᠦ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ ᠶᠤᠮ᠃ ᠡᠨᠡ ᠵᠢᠯ ᠠᠴᠠ ᠨᠠᠰᠢ᠂ ᠦ᠋ ᠭᠦ᠋ ᠴᠢᠤᠸᠠᠨ ᠰᠢᠶᠠᠩ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ︽ᠲᠠᠪᠤ ᠶᠢ ᠪᠣᠳᠠᠲᠠᠶᠢᠵᠢᠭᠤᠯᠬᠤ︾ ᠪᠠᠷ ᠭᠠᠷᠳᠠᠴᠠ ᠪᠣᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠲᠤᠯᠠᠪᠤᠷᠢ ᠶᠢᠨ ᠠᠵᠢᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯ ᠤᠨ ᠰᠠᠭᠤᠷᠢ ᠶᠢ ᠪᠠᠬᠢᠵᠢᠭᠦᠯᠵᠡᠢ᠃      ᠠᠵᠢᠯᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠶᠢᠵᠢᠭᠤᠯᠬᠤ      ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠠᠵᠢᠯ ᠳᠤ ᠬᠡᠷᠡᠭ ᠰᠢᠢᠳᠪᠦᠷᠢᠯᠡᠬᠦ ᠬᠡᠷᠡᠭᠴᠡᠭᠡ ᠶᠢ ᠭᠦᠶ᠋ᠴᠡᠳ ᠪᠠᠲᠤᠯᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠪᠦᠬᠦ ᠰᠢᠶᠠᠩ ᠤᠨ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠᠴᠢᠮ ᠪᠠᠶᠢᠭ᠎ᠠ ᠪᠠᠶᠢᠳᠠᠯ ᠤᠨ ᠳᠣᠣᠷ᠎ᠠ᠂ ︽ᠨᠡᠶᠢᠯᠡᠭᠦᠯᠬᠦ᠂ ᠰᠤᠯᠠᠯᠠᠬᠤ᠂ ᠨᠡᠭᠦᠯᠭᠡᠬᠦ᠂ ᠪᠠᠷᠢᠬᠤ︾ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠯᠪᠠᠨ ᠤ ᠭᠠᠵᠠᠷ ᠢ ᠵᠦᠢ ᠵᠣᠬᠢᠰᠲᠠᠶ ᠪᠠᠷ ᠲᠣᠬᠢᠷᠠᠭᠤᠯᠬᠤ ᠬᠡᠷᠡᠭᠲᠡᠶ᠃ ᠡᠭᠦᠨ ᠤ ᠵᠡᠷᠭᠡ ᠳᠤ᠂ ᠳᠥᠭᠦᠮ ᠠᠪᠰᠠᠷᠬᠠᠨ᠂ ᠭᠤᠶᠣ ᠰᠠᠶᠢᠬᠠᠨ᠂ ᠥᠭᠭᠢᠶᠡᠮᠦᠷ ᠪᠠᠶᠢᠬᠤ ᠵᠠᠷᠴᠢᠮ ᠢ ᠪᠠᠷᠢᠮᠲᠠᠯᠠᠨ᠂ ᠲᠡᠮᠳᠡᠭ ᠫᠠᠶᠢᠰᠠ᠂ ᠢᠯᠡᠳᠬᠡᠮᠵᠢ ᠲᠡᠮᠳᠡᠭ ᠢ ᠰᠢᠨᠵᠢᠯᠡᠬᠦ ᠤᠬᠠᠭᠠᠨᠴᠢ ᠪᠠᠷ ᠵᠢᠷᠤᠵᠤ ᠲᠥᠯᠥᠪᠯᠡᠨ ᠵᠣᠬᠢᠶᠠᠵᠤ᠂ ᠲᠦᠷᠢᠮ ᠲᠣᠭᠲᠠᠭᠠᠯ᠂ ᠴᠤᠪᠤᠷᠠᠯ ᠢ ᠪᠦᠬᠦᠨ ᠢᠶᠠᠷ ᠨᠢ ᠬᠡᠷᠡᠮ ᠳᠡᠭᠡᠷ᠎ᠡ ᠭᠠᠷᠭᠠᠵᠤ᠂ ᠣᠯᠠᠨ ᠲᠦᠮᠡᠨ ᠤ ᠬᠥᠳᠡᠭᠡ ᠲᠣᠰᠬᠤᠨ ᠳᠤ ᠣᠴᠢᠵᠤ ᠲᠠᠯᠠᠪᠤᠷ ᠭᠠᠵᠠᠷ ᠣᠯᠵᠤ᠂ ᠬᠡᠷᠡᠮ ᠳᠡᠭᠡᠷ᠎ᠡ ᠠᠴᠠ ᠲᠦᠷᠢᠮ ᠣᠯᠵᠤ᠂ ᠠᠵᠢᠯ ᠶᠠᠪᠤᠳᠠᠯ  ᠭᠦᠢᠴᠡᠳᠭᠡᠬᠦ ᠴᠤᠪᠤᠷᠠᠯ ᠢ ᠲᠣᠳᠣᠷᠬᠠᠶ ᠣᠶᠢᠯᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ  ᠠᠬᠢᠭᠤᠯᠤᠨ᠎ᠠ      ᠢᠯᠡ ᠪᠠᠷ ᠤᠷᠢᠨ ᠬᠡᠷᠡᠭᠯᠡᠬᠦ ᠪᠠᠷ ᠳᠠᠮᠵᠢᠭᠤᠯᠤᠨ᠂ ᠰᠢᠨ᠎ᠡ ᠪᠠᠷ ᠰᠢᠯᠭᠠᠨ ᠡᠯᠰᠡᠬᠦ 3 ᠠᠵᠢᠯᠲᠠᠨ ᠢ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠥᠭᠡᠳ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠵᠤ ᠪᠠᠶᠢᠬᠤ ᠪᠠ ᠳᠡᠮᠵᠢᠵᠦ ᠪᠠᠶᠢᠬᠤ ᠶᠢ ᠬᠠᠷᠠᠭᠤᠯᠤᠭᠰᠠᠨ ᠪᠠᠶᠢᠨ᠎ᠠ᠃ ᠣᠳᠣᠬᠠᠨ ᠳᠤ᠂ 6 ᠬᠠᠤᠯᠢ ᠬᠡᠷᠡᠭᠵᠢᠭᠦᠯᠬᠦ ᠠᠵᠢᠯᠲᠠᠨ ᠤ ᠳᠣᠲᠣᠷ᠎ᠠ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠬᠥᠮᠦᠨ 1᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠬᠥᠮᠦᠨ 5 ᠪᠠᠶᠢᠵᠤ᠂ ᠳᠤᠮᠳᠠᠴᠢ ᠨᠠᠰᠤ ᠨᠢ 29 ᠪᠣᠯᠤᠨ᠎ᠠ᠃      ᠡᠩᠨᠡᠭᠡ ᠶᠢᠨ ᠪᠣᠯᠪᠠᠰᠤᠷᠠᠯ ᠬᠥᠮᠦᠵᠢᠯ ᠢ ᠪᠣᠳᠠᠲᠠᠶᠢᠵᠢᠭᠤᠯᠪᠠ      ᠪᠥᠬᠦ ᠠᠵᠢᠯᠲᠠᠨ ᠤ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠥᠬᠦ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠲᠦᠷᠢᠮ ᠲᠣᠭᠲᠠᠭᠠᠯ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠵᠡᠷᠭᠡᠴᠡᠭᠡᠪᠡᠷ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠤᠷᠢᠵᠤ ᠲᠤᠰᠬᠠᠶ ᠰᠡᠳᠦᠪᠲᠦ ᠪᠣᠯᠪᠠᠰᠤᠷᠠᠯ ᠬᠢᠯᠭᠡᠭᠰᠡᠨ ᠢᠶᠠᠷ ᠬᠠᠤᠯᠢ ᠬᠡᠷᠡᠭᠵᠢᠭᠦᠯᠬᠦ ᠪᠦᠬᠦ ᠠᠵᠢᠯᠲᠠᠳ ᠤᠨ ᠬᠠᠤᠯᠢ ᠴᠠᠭᠠᠵᠠ ᠶᠢᠨ ᠮᠡᠳᠡᠯᠭᠡ ᠶᠢᠨ ᠡᠵᠡᠮᠰᠢᠯ ᠪᠠ ᠬᠡᠷᠡᠭᠯᠡᠯᠲᠡ ᠶᠢ ᠭᠦᠨᠵᠡᠭᠡᠶᠢᠷᠡᠭᠦᠯᠵᠡᠶ᠃ ᠪᠣᠯᠪᠠᠰᠤᠷᠠᠭᠤᠯᠤᠯ ᠪᠠ ᠰᠤᠷᠤᠯᠴᠠᠯᠭ᠎ᠠ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠪᠣᠳᠠᠲᠠᠶ ᠠᠵᠢᠯᠯᠠᠬᠤ ᠴᠢᠳᠠᠪᠤᠷᠢ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠪᠡ᠃      ᠬᠠᠤᠯᠢ ᠬᠡᠷᠡᠭᠵᠢᠭᠦᠯᠬᠦ ᠲᠣᠨᠣᠭᠯᠠᠯ ᠤᠨ ᠳᠤᠬᠢᠷᠠᠭᠤᠯᠤᠯᠲᠠ ᠶᠢ ᠪᠣᠳᠠᠲᠠᠶᠢᠵᠢᠭᠤᠯᠪᠠ      ︽ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠣᠨᠴᠠᠯᠢᠭ ᠢ ᠳᠣᠪᠤᠶᠢᠯᠭᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠤ ᠠᠮᠤᠷ ᠲᠦᠪᠰᠢᠨ ᠢ ᠴᠢᠬᠤᠯᠠᠴᠢᠯᠠᠬᠤ︾ ᠵᠠᠷᠴᠢᠮ ᠶᠣᠰᠣᠭᠠᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠨᠢᠭᠡ ᠬᠠᠤᠯᠢ ᠬᠡᠷᠡᠭᠵᠢᠭᠦᠯᠬᠦ ᠲᠡᠷᠭᠡ ᠲᠣᠬᠢᠷᠠᠭᠤᠯᠵᠤ ᠥᠭᠪᠡ︔ ᠬᠠᠤᠯᠢ ᠬᠡᠷᠡᠭᠵᠢᠭᠦᠯᠬᠦ ᠲᠡᠮᠳᠡᠭᠯᠡᠭᠦᠷ᠂ ᠬᠡᠷ ᠤᠨ ᠭᠠᠳᠠᠨᠠᠬᠢ ᠵᠠᠶ ᠬᠡᠮᠵᠢᠬᠦ ᠬᠡᠮᠵᠢᠭᠦᠷᠯᠢᠭ᠂ ᠤᠲᠠᠰᠤ ᠥᠬᠡᠶ ᠠᠶᠠᠯᠠᠯ ᠵᠠᠯᠠᠬᠤ ᠲᠥᠬᠦᠭᠡᠷᠦᠮᠵᠢ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠴᠠᠶ᠃ ᠬᠠᠤᠯᠢ ᠬᠡᠷᠡᠭᠵᠢᠭᠦᠯᠬᠦ ᠲᠡᠷᠭᠡ ᠬᠥᠰᠬᠡ ᠪᠣᠯᠤᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠰᠢᠶᠠᠩ ᠪᠠᠯᠭᠠᠰᠤᠨ ᠤ ᠣᠳᠣᠬᠢ ᠱᠠᠲᠤᠨ ᠤ ᠬᠠᠤᠯᠢ ᠬᠡᠷᠡᠭᠵᠢᠭᠦᠯᠬᠦ ᠬᠡᠷᠡᠭᠴᠡᠭᠡ ᠶᠢ ᠬᠠᠩᠭᠠᠵᠤ᠂ ᠮᠠᠨ ᠤ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠥᠳᠡᠯᠦᠩᠭᠦᠶ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠠᠤᠯᠢ ᠬᠡᠷᠡᠭᠵᠢᠭᠦᠯᠬᠦ ᠬᠤᠪᠴᠠᠰᠤ ᠵᠠᠰᠠᠯ ᠢ ᠵᠢᠷᠤᠮᠵᠢᠭᠤᠯᠤᠨ ᠨᠠᠶᠢᠳᠠᠪᠤᠷᠢᠵᠢᠭᠤᠯᠪᠠ      ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ 3 ᠲᠦᠮᠡ ᠭᠠᠷᠤᠶ ᠲᠥᠭᠦᠷᠢᠭ ᠵᠠᠷᠤᠴᠠᠭᠤᠯᠵᠤ ᠪᠠᠶᠢᠭᠠᠳ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠳᠤᠮᠳᠠ ᠠᠩᠭᠢ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠥᠷᠪᠡᠨ ᠤᠯᠠᠷᠢᠯ ᠤᠨ ᠳᠦᠷᠢᠮᠲᠦ ᠬᠤᠪᠴᠠᠰᠤ ᠬᠤᠳᠠᠯᠳᠤᠨ ᠠᠪᠴᠤ ᠥᠭᠭᠦᠭᠰᠡᠨ ᠪᠥᠭᠡᠳ 9 ᠰᠠᠷ᠎ᠠ ᠶᠢᠨ 18 ᠤ ᠡᠳᠦᠷ ᠬᠤᠪᠴᠠᠰᠤ ᠣᠯᠭᠤᠬᠤ ᠶᠣᠰᠣᠯᠠᠯ ᠶᠠᠪᠤᠭᠤᠯᠵᠤ᠂ ᠪᠥᠬᠦ ᠰᠢᠶᠠᠨ ᠳᠤ ᠠᠩᠬ᠎ᠠ ᠤᠳᠠᠭ᠎ᠠ ᠶᠠᠪᠤᠭᠳᠠᠪᠠ᠃ ᠪᠥᠬᠦ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠡᠮᠦᠰᠬᠡᠯ ᠵᠠᠰᠠᠯ ᠨᠢ ᠵᠢᠷᠤᠮᠵᠢᠯ ᠲᠠᠢ᠂ ᠴᠤᠭ ᠵᠢᠪᠬᠤᠭ᠎ᠠ ᠲᠡᠭᠦᠯᠳᠡᠷ᠂ ᠬᠠᠤᠯᠢ ᠬᠡᠷᠡᠭᠵᠢᠭᠦᠯᠦᠯᠲᠡ ᠶᠢᠨ ᠡᠷᠬᠡ ᠲᠡᠭᠰᠢ ᠲᠥᠪ ᠭᠤᠤᠯᠴᠢ ᠪᠠᠶᠢᠵᠤ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠠᠩᠬ᠎ᠠ ᠠᠯᠬᠤᠮ ᠪᠣᠶ ᠪᠣᠯᠭᠠᠵᠤ ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠰᠦᠷ ᠢ ᠬᠠᠮᠠᠭᠠᠯᠠᠬᠤ ᠳᠤ ᠵᠣᠬᠢᠬᠤ ᠰᠠᠭᠤᠷᠢ ᠶᠢ ᠲᠠᠯᠪᠢᠭᠰᠠᠨ ᠪᠠᠶᠢᠨ᠎ᠠ᠃                                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3