ᠰᠢᠩ ᠾᠧ ᠰᠢᠶᠠᠨ ᠤ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠴᠠᠬᠢᠯᠭᠠᠨ ᠤ ᠰᠦᠢᠳᠭᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢᠨ ᠲᠤᠬᠠᠶ ᠢᠯᠡ ᠵᠠᠷᠯᠠᠯ
ᠨᠡᠶᠢᠲᠡᠯᠡᠭᠰᠡᠨ ᠴᠠᠭ᠄
2023/11/30
     ᠲᠡᠳᠬᠦᠨ ᠳᠡᠮᠵᠢᠬᠦ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠬᠠᠮᠲᠤᠷᠠᠭᠰᠠᠨ ᠬᠤᠷᠠᠯ ᠢᠶᠠᠷ ᠵᠥᠪᠯᠡᠨ ᠲᠣᠭᠲᠠᠭᠠᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠢᠨᠠᠨ ᠪᠠᠲᠤᠯᠠᠵᠤ᠂ ᠬᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ 2023 ᠣᠨ ᠤ 7 — 9 ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢ 2322.31 ᠲᠦᠮᠡᠨ ᠭᠷᠠᠳᠦ᠋ᠰ ᠲᠤ ᠬᠦᠷᠭᠡᠵᠦ᠂ 656.98 ᠲᠦᠮᠡᠨ ᠲᠥᠭᠦᠷᠢᠭ ᠤᠨ ᠠᠰᠢᠭ ᠣᠷᠣᠯᠭ᠎ᠠ ᠶᠢ ᠮᠠᠨ ᠤ ᠰᠢᠶᠠᠨ ᠤ ᠲᠡᠳᠬᠦᠨ ᠳᠡᠮᠵᠢᠬᠦ ᠪᠠᠯᠠ ᠣᠷᠣᠭᠤᠯᠤᠯᠲᠠ ᠶᠢᠨ ᠺᠣᠮᠫᠠᠨᠢ ᠶᠢᠨ ᠳ᠋ᠦᠩᠨᠡᠨ ᠰᠢᠯᠵᠢᠭᠦᠯᠦᠭᠰᠡᠨ ᠲᠠᠩᠰᠠᠨ ᠡᠷᠦᠬᠡ ᠳᠤ ᠣᠷᠣᠭᠤᠯᠪᠠ᠂ ᠡᠭᠦᠨ ᠳᠤ ᠠᠵᠢᠯᠯᠠᠭᠤᠯᠵᠤ ᠪᠠᠲᠤᠯᠠᠬᠤ ᠵᠠᠷᠤᠳᠠᠯ 144.18 ᠲᠦᠮᠡᠨ ᠲᠥᠭᠦᠷᠢᠭ᠂ ᠴᠠᠬᠢᠯᠭᠠᠨ ᠥᠷᠲᠡᠭᠡᠨ ᠤ ᠬᠡᠷᠡᠭᠯᠡᠬᠦ ᠴᠠᠬᠢᠯᠭᠠᠨ ᠤ ᠵᠠᠷᠤᠳᠠᠯ 5.26 ᠲᠦᠮᠡᠨ ᠲᠥᠭᠦᠷᠢᠭ᠂ ᠭᠠᠶᠢᠯᠢ ᠰᠦᠢᠳᠭᠡᠯ 6.86 ᠲᠦᠮᠡᠨ ᠲᠥᠭᠦᠷᠢᠭ᠂ ᠬᠢᠨᠠᠨ ᠬᠡᠮᠵᠢᠵᠦ ᠠᠵᠢᠯᠯᠠᠭᠤᠯᠵᠤ ᠪᠠᠲᠤᠯᠠᠬᠤ ᠰᠦᠯᠵᠢᠶᠡᠨ ᠤ ᠵᠠᠷᠤᠳᠠᠯ 0.11 ᠲᠦᠮᠡᠨ ᠲᠥᠭᠦᠷᠢᠭ᠂ ᠪᠤᠳᠤᠵᠤ ᠭᠠᠷᠭᠠᠨ ᠠᠪᠤᠭᠰᠠᠨ ᠡᠯᠡᠭᠳᠡᠯ 70 ᠲᠦᠮᠡᠨ ᠲᠥᠭᠦᠷᠢᠭ᠂ ᠦᠯᠡᠳᠡᠪᠦᠷᠢ 430.57 ᠲᠦᠮᠡᠨ ᠲᠥᠭᠦᠷᠢᠭ ᠪᠠᠶᠢᠵᠤ᠂ 2018 ᠣᠨ ᠳᠤ ᠤᠯᠤᠰ ᠠᠴᠠ ᠮᠠᠨ ᠤ ᠰᠢᠶᠠᠨ ᠤ 10 ᠲᠣᠰᠬᠤᠨ ᠤ ᠴᠠᠬᠢᠯᠭᠠᠨ ᠥᠷᠲᠡᠭᠡ ᠪᠠ 5 ᠲᠣᠰᠬᠤᠨ ᠤ ᠲᠠᠰ ᠤᠨ ᠴᠠᠬᠢᠯᠭᠠᠨ ᠥᠷᠲᠡᠭᠡ ᠲᠠᠢ ᠬᠤᠯᠪᠣᠭᠳᠠᠭᠰᠠᠨ 87 ᠶᠠᠳᠠᠭᠤ ᠠᠴᠠ ᠣᠲᠣ ᠬᠤᠪᠢᠶᠠᠷᠢᠯᠠᠯᠲᠠ ᠶᠢᠨ ᠲᠥᠰᠦᠯ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠡᠳᠦᠷ ︵2023 ᠣᠨ ᠤ 11 ᠰᠠᠷ᠎ᠠ ᠶᠢᠨ 30᠎ ᠤ ᠡᠳᠦᠷ ᠠᠴᠠ 12 ᠰᠠᠷ᠎ᠠ ᠶᠢᠨ 9᠎ ᠤ ᠡᠳᠦᠷ ᠪᠣᠯᠲᠠᠯ᠎ᠠ︶ ᠪᠣᠯᠤᠨ᠎ᠠ᠃      ᠬᠢᠨᠠᠯᠲᠠ ᠲᠠᠯᠪᠢᠬᠤ ᠨᠢᠭᠡᠴᠡ᠄ ᠰᠢᠩ ᠾᠧ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ      ᠬᠢᠨᠠᠯᠲᠠ ᠲᠠᠯᠪᠢᠬᠤ ᠤᠲᠠᠰᠤ᠄ 12317      ᠬᠢᠨᠠᠯᠲᠠ ᠲᠠᠯᠪᠢᠬᠤ ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠣᠮᠣ ᠠᠰᠠᠷ ᠤᠨ ᠬᠤᠶᠠᠳᠤᠭᠠᠷ ᠠᠰᠠᠷ                                                 ᠰᠢᠩ ᠾᠧ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ                                                                      2023 ᠣᠨ ᠤ 11 ᠰᠠᠷ᠎ᠠ ᠶᠢᠨ 30᠎ ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3