ᠰᠢᠩ ᠾᠧ ᠰᠢᠶᠠᠨ᠄ ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ — ᠵᠢᠭᠠᠬᠠᠨ ᠰᠣᠨᠣᠰᠤᠭᠤᠷ ᠠᠷᠠᠳ ᠤᠨ ᠠᠮᠢᠳᠤᠷᠠᠯ ᠤᠨ ᠶᠠᠪᠤᠳᠠᠯ ᠢ ᠶᠡᠭᠡ ᠪᠠᠷ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/11/6
      ︽ᠡᠷᠡᠭᠦᠯ ᠮᠡᠨᠳᠦ ᠶᠢ ᠲᠤᠰᠠᠯᠠᠬᠤ ᠢᠨᠵᠧᠨᠧᠷᠢᠩ︾᠎ ᠤᠨ ᠲᠥᠷᠥᠯ ᠵᠦᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠵᠡᠮᠳᠡᠭ ᠬᠥᠮᠦᠰ ᠢ ᠬᠠᠯᠠᠮᠵᠢᠯᠠᠨ ᠬᠠᠶᠢᠷᠠᠯᠠᠬᠤ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 26᠎ ᠤ ᠡᠳᠦᠷ᠂ ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠲᠥᠪ ᠲᠠᠢ ᠬᠠᠮᠲᠤᠷᠠᠨ ᠰᠣᠨᠣᠷ ᠤᠨ ᠰᠠᠭᠠᠳ ᠲᠠᠢ ᠵᠡᠮᠳᠡᠭᠴᠦᠳ ᠲᠤ ᠰᠦᠢᠳᠭᠡᠯ ᠬᠤᠷᠢᠶᠠᠬᠤ ᠥᠬᠡᠶ ᠪᠠᠷ ᠰᠣᠨᠣᠰᠤᠭᠤᠷ ᠢ ᠲᠥᠪᠯᠡᠷᠡᠭᠦᠯᠦᠨ ᠲᠣᠬᠢᠷᠠᠭᠤᠯᠬᠤ ᠠᠵᠢᠯᠯᠠᠭ᠎ᠠ ᠥᠷᠨᠢᠭᠦᠯᠪᠡ᠃      ᠰᠦᠢᠳᠬᠡᠯ ᠬᠤᠷᠢᠶᠠᠬᠤ ᠦᠭᠡᠶ ᠪᠠᠷ ᠰᠣᠨᠣᠰᠤᠭᠤᠷ ᠲᠦᠭᠡᠭᠡᠬᠦ ᠲᠤᠬᠠᠶ ᠶᠢᠨ ᠲᠠᠯᠠᠪᠠᠶ ᠳᠤ᠂ ᠮᠡᠷᠭᠡᠵᠢᠯ ᠤᠨ ᠠᠵᠢᠯᠲᠠᠳ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ ᠵᠡᠮᠳᠡᠭ ᠬᠥᠮᠦᠨ ᠨᠢᠭᠡᠪᠦᠷᠢ ᠳᠤ ᠬᠡᠮᠵᠢᠨ ᠰᠣᠨᠣᠰᠤᠯᠲᠠ ᠬᠢᠵᠦ᠂ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ ᠵᠢᠷᠤᠭ ᠪᠣᠯᠤᠨ ᠵᠡᠮᠳᠡᠭ ᠣᠯᠠᠨ ᠲᠦᠮᠡᠨ ᠤ ᠰᠣᠨᠣᠰᠬᠤ ᠴᠢᠳᠠᠪᠤᠷᠢ ᠶᠢᠨ ᠳᠠᠳᠬᠠᠯ ᠢ ᠦᠨᠳᠦᠰᠦᠯᠡᠨ ᠨᠢᠭᠡ ᠨᠢᠭᠡ ᠪᠠᠷ ︽ᠥᠪᠡᠷᠮᠢᠴᠡ︾ ᠵᠡᠭᠦᠵᠦ ᠲᠤᠷᠰᠢᠨ ᠲᠣᠬᠢᠷᠠᠭᠤᠯᠵᠤ᠂ ᠵᠡᠭᠦᠵᠦ ᠪᠠᠶᠢᠭ᠎ᠠ ᠲᠥᠷᠥᠭᠳᠡᠯ ᠢ ᠬᠦᠯᠢᠴᠡᠩᠭᠦᠶ ᠪᠠᠷ ᠳᠠᠬᠢᠨ ᠳᠠᠪᠲᠠᠨ ᠯᠠᠪᠯᠠᠨ ᠠᠰᠠᠭᠤᠵᠤ᠂ ᠰᠣᠨᠣᠰᠤᠭᠤᠷ ᠤᠨ ᠲᠠᠭᠤᠨ ᠤ ᠬᠡᠮᠵᠢᠶ᠎ᠡ ᠵᠢᠴᠢ ᠲᠠᠭᠠᠯᠠᠮᠵᠢ ᠶᠢᠨ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠡᠮᠳᠡᠭᠴᠦᠳ ᠲᠠᠢ ᠲᠤᠬᠠᠶ ᠶᠢᠨ ᠲᠠᠯᠠᠪᠤᠷ ᠲᠤ ᠰᠣᠯᠢᠯᠴᠠᠭ᠎ᠠ ᠬᠢᠵᠦ᠂ ᠰᠣᠨᠣᠰᠤᠭᠤᠷ ᠤᠨ ᠬᠠᠮᠤᠭ ᠤᠨ ᠰᠠᠶᠢᠨ ᠦᠷ᠎ᠡ ᠳ᠋ᠦᠩ ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠮᠡᠷᠭᠡᠵᠢᠯ ᠤᠨ ᠠᠵᠢᠯᠲᠠᠳ ᠪᠠᠰᠠ ᠵᠡᠮᠳᠡᠭᠴᠦᠳ ᠵᠢᠴᠢ ᠬᠡᠷ ᠪᠦᠯᠢ ᠶᠢᠨ ᠬᠢᠨ ᠳᠤ ᠰᠣᠨᠣᠷ ᠲᠤᠳᠤᠤᠡᠬᠠᠭᠤᠷ ᠵᠡᠭᠦᠬᠦ᠂ ᠠᠷᠠᠴᠢᠯᠠᠬᠤ ᠪᠠ ᠬᠠᠮᠠᠭᠠᠯᠠᠬᠤ ᠵᠡᠷᠭᠡ ᠲᠠᠯ᠎ᠠ ᠶᠢᠨ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠵᠡᠮᠳᠡᠭ ᠣᠯᠠᠨ ᠲᠦᠮᠡᠨ ᠨᠢᠭᠡᠪᠦᠷᠢ ᠳᠤ ᠰᠣᠨᠣᠰᠤᠭᠤᠷ ᠠᠮᠤᠷ ᠲᠦᠪᠰᠢᠨ᠂ ᠲᠠᠭᠠᠯᠠᠮᠵᠢᠲᠠᠶ ᠵᠡᠭᠦᠯᠭᠡᠬᠦ ᠶᠢ ᠦᠨᠡᠨ ᠬᠦ ᠪᠠᠲᠤᠯᠠᠪᠠ᠃      ᠲᠤᠰ ᠤᠳᠠᠭᠠᠨ ᠤ ᠰᠢᠯᠭᠠᠨ ᠲᠣᠬᠢᠷᠠᠭᠤᠯᠬᠤ ᠠᠵᠢᠯᠯᠠᠭ᠎ᠠ ᠳᠤ ᠣᠯᠠᠨ ᠲᠣᠭᠠᠨ ᠤ ᠰᠣᠨᠣᠷ ᠤᠨ ᠰᠠᠭᠠᠳ ᠲᠠᠢ ᠵᠡᠮᠳᠡᠭᠴᠦᠳ ᠲᠤ ᠰᠣᠨᠣᠰᠤᠭᠤᠷ ᠰᠢᠯᠭᠠᠨ ᠲᠣᠬᠢᠷᠠᠭᠤᠯᠵᠤ᠂ ᠰᠣᠨᠣᠷ ᠤᠨ ᠰᠠᠭᠠᠳ ᠲᠠᠢ ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠬᠥᠩᠭᠡᠯᠡᠭᠰᠡᠨ ᠢᠶᠠᠷ ᠪᠠᠰᠠ ᠲᠡᠳᠡᠨ ᠤ ᠡᠳᠦᠷ ᠲᠤᠲᠤᠮ ᠤᠨ ᠠᠮᠢᠳᠤᠷᠠᠯ ᠤᠨ ᠰᠣᠯᠢᠯᠴᠠᠭ᠎ᠠ ᠳᠥᠭᠦᠮ ᠦᠭᠡᠢ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠣᠨᠣᠷ ᠤᠨ ᠰᠠᠭᠠᠳ ᠲᠠᠢ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠨᠡᠩ ᠰᠠᠶᠢᠨ ᠵᠣᠬᠢᠴᠠᠬᠤ ᠪᠠ ᠠᠭᠤᠰᠤᠯᠴᠠᠬᠤ ᠳᠤ ᠳᠥᠭᠦᠮ ᠦᠵᠡᠭᠦᠯᠵᠦ᠂ ᠵᠡᠮᠳᠡᠭᠴᠦᠳ ᠲᠤ ᠨᠠᠮ ᠪᠣᠯᠤᠨ ᠤᠯᠤᠰ ᠤᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠲᠦᠷᠦ ᠶᠢᠨ ᠪᠤᠳᠤᠯᠭ᠎ᠠ ᠶᠢ ᠡᠳ᠋ᠯᠡᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠵᠡᠮᠳᠡᠭᠴᠦᠳ ᠲᠤ ᠦᠵᠡᠭᠦᠯᠦᠭᠰᠡᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠤ ᠬᠠᠮᠲᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠪᠠ ᠪᠠᠲᠤᠯᠠᠭ᠎ᠠ ᠶᠢ ᠤᠯᠠᠮ ᠴᠢᠨᠠᠭᠰᠢᠳᠠ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3