ᠰᠢᠩ ᠾᠧ ᠰᠢᠶᠠᠨ ᠤ ︽ᠪᠠᠴᠢᠮ ᠪᠡᠷᠬᠡ ᠵᠣᠪᠠᠨᠢᠯ︾᠎ ᠨᠢ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠠᠷᠢᠨ ᠲᠠᠩᠰᠠ︾ ᠪᠣᠯᠵᠣ ᠬᠤᠪᠢᠷᠠᠪᠠ
ᠨᠡᠶᠢᠲᠡᠯᠡᠭᠰᠡᠨ ᠴᠠᠭ᠄
2023/11/6
      ᠤᠯᠠᠭᠠᠨᠴᠠᠪ ᠬᠤᠲᠠ ᠶᠢᠨ ᠰᠢᠩ ᠾᠧ ᠰᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠢ ᠪᠠᠶᠢᠩᠭᠤᠵᠢᠭᠤᠯᠤᠨ ᠡᠭᠦᠷᠭᠡ ᠲᠤᠰᠢᠶᠠᠯ ᠢᠶᠠᠨ   ᠭᠦᠢᠴᠡᠳᠭᠡᠬᠦ ᠶᠢ ᠰᠠᠶᠢᠲᠤᠷ ᠬᠢᠬᠦ ᠲᠤᠬᠠᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠬᠤ᠂ ᠲᠣᠭᠲᠠᠴᠠ ᠶᠢ ᠪᠦᠷᠢᠨᠰᠢᠬᠦᠯᠬᠦ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ᠂ ᠴᠢᠳᠠᠪᠤᠷᠢ ᠶᠢ ᠳᠡᠭᠡᠭᠰᠢᠯᠡᠭᠦᠯᠬᠦ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠶ ᠪᠠᠷ ᠬᠦᠴᠦᠯᠡᠵᠦ᠂ ᠲᠥᠯᠥᠭᠡᠯᠡᠭᠴᠢ ᠭᠡᠰᠢᠭᠦᠨ ᠢ ᠪᠠᠶᠢᠩᠭᠤᠵᠢᠭᠤᠯᠬᠤ᠂ ᠪᠥᠬᠦ ᠡᠳᠦᠷ ᠢᠶᠠᠷ ᠢᠶᠠᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠠᠬᠢᠭᠤᠯᠪᠠ᠃      ᠰᠢᠩ ᠡᡁᠧ ᠰᠢᠶᠠᠨ ᠤ ᠳ᠋ᠢᠶᠠᠨ ᠽᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠭᠡᠷ ᠤᠨ ᠯᠠᠮᠠ ᠶᠢᠨ ᠶᠢᠩ ᠲᠣᠰᠬᠤᠨ ᠤ ᠬᠤᠯᠪᠣᠭ᠎ᠠ ᠠᠪᠬᠤ ᠦᠷᠳᠡᠭᠡ ᠳᠤ᠂ ᠲᠣᠰᠬᠤᠨ ᠤ ᠠᠷᠠᠳ ᠥᠪᠡᠷ ᠤᠨ ᠪᠤᠬᠢᠨᠢᠳᠤᠯ ᠲᠠᠢ ᠶᠠᠪᠤᠳᠠᠯ ᠢᠶᠠᠨ ᠰᠠᠨᠠᠭᠠᠴᠢᠯᠠᠭ᠎ᠠ ᠠᠴᠠ ᠪᠠᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ ᠣᠶᠢᠯᠠᠭᠠᠳᠠᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠨᠢᠭᠤᠷᠳᠠᠨ ᠲᠤᠰᠬᠠᠵᠤ ᠪᠠᠶᠢᠨ᠎ᠠ᠃      ᠲᠥᠯᠥᠭᠡᠯᠡᠭᠴᠢᠳ ᠭᠡᠰᠢᠭᠦᠳ ᠲᠣᠰᠬᠤᠨ ᠤ ᠠᠷᠠᠳ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠡᠳᠬᠢᠯ ᠲᠠᠯᠪᠢᠨ ᠲᠡᠮᠳᠡᠭᠯᠡᠬᠦ ᠶᠢᠨ ᠬᠠᠮᠲᠤ ᠲᠣᠰᠬᠤᠨ ᠤ ᠠᠷᠠᠳ ᠤᠨ ᠪᠠᠴᠢᠮᠳᠠᠨ ᠵᠣᠪᠠᠵᠤ ᠪᠠᠶᠢᠭ᠎ᠠ ᠶᠠᠪᠤᠳᠠᠯ ᠳᠤ ᠢᠳᠡᠪᠬᠢᠲᠡᠢ ᠬᠠᠷᠢᠭᠤᠯᠲᠠ ᠥᠭᠴᠡᠢ᠃ ᠰᠢᠩ ᠾᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠯᠠᠮᠠ  ᠶᠢᠩ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ ᠾᠧᠦ ᠳ᠋ᠦᠩ ᠹᠸᠢ ᠭᠠᠴᠠᠭᠠᠨ ᠤ ᠠᠷᠠᠳ ᠤᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠪᠠ᠃ ᠳᠠᠷᠠᠭᠠᠴᠢ ᠶᠢᠨ ᠠᠯᠬᠤᠮ ᠳᠤ᠂ ᠲᠣᠰᠬᠤᠨ ᠤ ᠬᠢᠨ ᠰᠤᠯᠠ ᠪᠠᠶᠢᠭ᠎ᠠ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢ ᠠᠰᠢᠭᠯᠠᠵᠤ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠺᠣᠮᠫᠠᠨᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠲᠣᠰᠬᠤᠨ ᠤ ᠠᠷᠠᠳ ᠤᠨ ᠠᠮᠤ ᠪᠤᠳᠠᠭ᠎ᠠ ᠶᠢ ᠪᠦᠬᠦᠨ ᠢ ᠪᠣᠷᠣᠯᠠᠭᠤᠯᠬᠤ ᠬᠡᠷᠡᠭᠲᠡᠢ᠃      ᠰᠢᠩ ᠡᡁᠧ ᠰᠢᠶᠠᠨ ᠤ ᠳ᠋ᠢᠶᠠᠨ ᠽᠢ ᠪᠠᠯᠭᠠᠰᠤᠨ ᠤ ᠶᠠ ᠳ᠋ᠠᠢ ᠶᠢᠩ ᠲᠣᠰᠬᠤᠨ ᠳᠤ᠂ ᠮᠥᠬᠦᠯᠢᠭ ᠳᠦᠭᠦᠷᠡᠩ ᠰᠢᠷ᠎ᠠ ᠦᠩᠭᠡ ᠲᠠᠢ ᠨᠠᠷᠢᠮᠤ ᠶᠢ ᠭᠠᠵᠠᠷ ᠲᠤ ᠳᠡᠪᠢᠰᠴᠦ᠂ ᠳᠡᠮᠡᠢ ᠬᠤᠯᠠ ᠦᠭᠡᠢ᠂ ᠰᠢᠩ ᠡᡁᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠩ ᠡᡁᠧ ᠰᠢᠶᠠᠨ ᠤ ᠰᠢᠶᠦ᠋ᠩ ᠹᠧᠩ ᠤᠨ ᠲᠠᠷᠢᠶᠠᠯᠠᠩ ᠮᠠᠯ ᠠᠵᠤ ᠠᠬᠤᠢ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠸᠧᠨ ᡁᠢ ᠵᠧᠩ ᠲᠣᠰᠬᠤᠨ ᠤ ᠠᠷᠠᠳ ᠲᠠᠢ ᠬᠠᠮᠲᠤ ᠨᠠᠷᠢᠮᠤ ᠶᠢᠨ ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ ᠪᠠᠶᠢᠯ᠎ᠠ᠃      ᠤᠯᠠᠨ ᠵᠢᠯ ᠤᠨ ᠲᠤᠷᠰᠢ᠂ ᠵᠠᠩ ᠸᠧᠨ ᡁᠢ ᠰᠢᠩ ᠡᡁᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠰᠢᠶᠦ᠋ᠩ ᠹᠧᠩ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢ ᠪᠠᠶᠢᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ ᠢᠶᠠᠷ ᠪᠠᠷᠠᠬᠤ ᠦᠭᠡᠢ᠂ ᠠᠮᠢᠳᠤᠷᠠᠯ ᠨᠢ ᠤᠯᠠᠮ ᠠᠴᠠ ᠤᠯᠠᠮ ᠬᠥᠭᠵᠢᠶᠡᠨᠲᠡᠢ ᠪᠣᠯᠤᠭᠰᠠᠨ ᠪᠥᠭᠡᠳ ᠪᠠᠰᠠ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠲᠣᠰᠬᠤᠨ ᠤ ᠠᠷᠠᠳ ᠢ ᠬᠠᠪᠰᠤᠷᠤᠨ ︽ᠪᠠᠴᠢᠮ ᠲᠤᠯᠭᠠᠮ᠎ᠠ ᠬᠦᠴᠢᠷ ᠵᠣᠪᠠᠭᠤᠷᠢ︾᠎ ᠶᠢᠨ ᠠᠰᠠᠭᠤᠳᠠᠯ ᠢ ᠰᠢᠢᠳᠪᠦᠷᠢᠯᠡᠵᠦ᠂ ᠨᠤᠲᠤᠭ ᠤᠨ ᠠᠬ᠎ᠠ ᠳᠡᠭᠦᠦ ᠨᠡᠷ ᠤᠨ ᠨᠢᠳᠤᠨ ᠳᠤ ︽ᠰᠡᠳᠬᠢᠯ ᠤᠨ ᠬᠥᠮᠦᠨ︾᠂ ᠠᠷᠠᠳ ᠢ ᠲᠠᠶᠢᠴᠢᠯᠠᠨ ᠪᠠᠶᠠᠵᠢᠭᠤᠯᠬᠤ ᠶᠢᠨ ︽ᠲᠤᠰᠠᠯᠠᠭᠴᠢ︾ ᠪᠣᠯᠤᠭᠰᠠᠨ ᠪᠠᠶᠢᠨ᠎ᠠ᠃      ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠲᠥᠯᠥᠭᠡᠯᠡᠭᠴᠢ ᠭᠡᠰᠢᠭᠦᠨ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ 184 ᠲᠥᠯᠥᠭᠡᠯᠡᠭᠴᠢ ᠭᠡᠰᠢᠭᠦᠨ ᠢ ︽ᠪᠠᠶᠠᠵᠢᠯ ᠤᠨ ᠳᠠᠭᠠᠭᠤᠯᠤᠭᠴᠢ︾ ᠪᠣᠯᠭᠠᠨ ᠬᠥᠭᠵᠢᠭᠦᠯᠵᠦ᠂ ᠠᠵᠤ ᠦᠢᠯᠡᠰ ᠢᠶᠠᠷ ᠳᠠᠶᠢᠴᠢᠯᠠᠬᠤ᠂ ᠬᠥᠳᠡᠯᠮᠦᠷᠢ ᠦᠢᠯᠡᠴᠢᠯᠡᠭᠡ ᠪᠠᠷ ᠠᠵᠢᠯ ᠣᠯᠭᠤᠬᠤ᠂ ᠮᠡᠷᠭᠡᠵᠢᠯ ᠤᠨ ᠵᠢᠯᠤᠭᠤᠳᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠳᠠᠮᠵᠢᠭᠤᠯᠵᠤ᠂ ᠨᠡᠶᠢᠳᠡ 2.5 ᠲᠦᠮᠡᠨ ᠬᠥᠮᠦᠨ ᠳᠤ ᠠᠰᠢᠭ ᠬᠦᠷᠳᠡᠵᠡᠢ᠃     ᠡᠭᠦᠨ ᠠᠴᠠ ᠭᠠᠳᠠᠨ᠎ᠠ᠂ ᠰᠢᠩ ᠡᡁᠧ ᠰᠢᠶᠠᠨ ᠪᠠᠰᠠ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠣᠳᠠᠲᠤ ᠦᠷ᠎ᠡ ᠪᠦᠲᠦᠮᠵᠢ ᠲᠠᠢ ᠪᠣᠯᠭᠠᠵᠤ᠂ ᠲᠥᠯᠥᠭᠡᠯᠡᠭᠴᠢ ᠭᠡᠰᠢᠭᠦᠳ ᠤᠨ ᠵᠥᠷᠢᠴᠡᠯ ᠵᠠᠭᠤᠷᠠᠯᠳᠤᠭᠠᠨ ᠤ ︽ᠡᠶᠡᠳᠡᠭᠦᠯᠦᠭᠴᠢ︾ ᠪᠣᠯᠬᠤ ᠶᠢ ᠠᠬᠢᠭᠤᠯᠪᠠ᠃ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠲᠢᠩᠬᠢᠮ ᠳᠤ ︽ᠲᠥᠯᠥᠭᠡᠯᠡᠭᠴᠢ ᠭᠡᠰᠢᠭᠦᠳ︾᠎ ᠤᠨ ᠵᠠᠬᠢᠳᠠᠯ ᠰᠤᠷᠪᠤᠯᠵᠢᠯᠠᠭ᠎ᠠ ᠶᠢ ᠡᠶᠡᠳᠡᠭᠦᠯᠬᠦ ᠠᠵᠢᠯ ᠤᠨ ᠲᠠᠰᠤᠭ ᠢ ᠵᠠᠯᠭᠠᠭ᠎ᠠ ᠪᠠᠷ ᠪᠠᠶᠢᠭᠤᠯᠵᠤ᠂ ᠰᠢᠶᠠᠩ᠂ ᠭᠠᠴᠠᠭ᠎ᠠ ︵ᠨᠡᠶᠢᠭᠡᠮ ᠲᠣᠭᠤᠷᠢᠭ︶᠎ ᠳᠤ ︽ᠲᠥᠯᠥᠭᠡᠯᠡᠭᠴᠢ ᠭᠡᠰᠢᠭᠦᠳ︾᠎ ᠤᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠴᠣᠩᠬᠤ ᠭᠠᠷᠭᠠᠵᠤ᠂ ᠭᠡᠷ ︵ᠦᠷᠳᠡᠭᠡ︶᠎ ᠲᠤ ᠰᠠᠭᠤᠭ᠎ᠠ ᠲᠥᠯᠥᠭᠡᠯᠡᠭᠴᠢ ᠭᠡᠰᠢᠭᠦᠳ ᠢᠶᠠᠷ ᠡᠭᠡᠯᠵᠢᠯᠡᠭᠦᠯᠦᠨ᠂ ᠤᠯᠠᠨ ᠲᠦᠮᠡᠨ ᠳᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠭᠦᠯᠵᠦ᠂ ᠵᠥᠷᠢᠴᠡᠯ ᠵᠢᠭᠤᠷᠠᠯᠳᠤᠭᠠᠨ ᠢ  ᠰᠢᠢᠳᠪᠦᠷᠢᠯᠡᠬᠦ ᠳᠤ ᠣᠷᠣᠯᠴᠠᠭᠤᠯᠤᠨ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ  ᠰᠢᠢᠳᠪᠦᠷᠢᠯᠡᠪᠡ᠃ ᠣᠳᠣ ᠪᠣᠯᠲᠠᠯ᠎ᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠡᠶᠢᠲᠡ 152 ᠬᠤᠪᠢ ᠣᠷᠣᠯᠠᠨ ᠰᠢᠢᠳᠪᠦᠷᠢᠯᠡᠵᠦ᠂ 147 ᠬᠤᠪᠢ ᠶᠢ  ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠨ ᠳᠠᠭᠤᠰᠬᠠᠭᠰᠠᠨ ᠨᠣᠷᠮ᠎ᠠ ᠨᠢ 96.7% ᠪᠣᠯᠤᠨ᠎ᠠ᠃      ᠤᠯᠠᠭᠠᠨᠴᠠᠪ ᠬᠤᠳᠠ ᠶᠢᠨ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠥᠯᠥᠭᠡᠯᠡᠭᠴᠢ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠯᠪᠡᠷᠢ ᠠᠮᠢᠳᠤᠯᠢᠭ ᠪᠤᠰᠤ᠂ ᠲᠦᠷᠢᠮ ᠲᠣᠭᠲᠠᠴᠠ ᠢᠯᠭᠤᠮ ᠰᠢᠯᠤᠭᠤᠨ ᠪᠤᠰᠤ ᠪᠠᠶᠢᠬᠤ ᠠᠰᠠᠭᠤᠳᠠᠯ ᠢ ᠴᠢᠩᠭ᠎ᠠ ᠠᠩᠬᠠᠷᠴᠤ᠂ ᠥᠷᠭᠡᠨ ᠤᠯᠠᠨ ᠲᠥᠯᠥᠭᠡᠯᠡᠭᠴᠢ ᠭᠡᠰᠢᠭᠦᠨ ᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠵᠥᠷᠢᠴᠡᠯ ᠢ ᠨᠠᠮᠳᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ᠂ ᠲᠥᠯᠥᠭᠡᠯᠡᠭᠴᠢ ᠭᠡᠰᠢᠭᠦᠨ ᠤ ᠪᠠᠶᠢᠩᠭᠤ ᠶᠢᠨ ᠴᠢᠨᠠᠷᠲᠠᠶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3