ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 12 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠴᠧᠩ ᠭᠤᠸᠠᠨ ᠪᠠᠯᠭᠠᠰᠤᠨ ᠳᠤ ᠢᠷᠡᠵᠦ ᠬᠤᠣᠰᠯᠠᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/6
      ᠪᠠᠭ᠎ᠠ ᠰᠠᠭ᠎ᠠ ᠬᠠᠪᠰᠤᠷᠤᠨ ᠲᠡᠳᠬᠦᠬᠦ ᠶᠠᠪᠤᠳᠠᠯ ᠤᠳ ᠲᠤ ᠰᠠᠯᠠᠭ᠎ᠠ ᠨᠠᠮᠠᠭ᠎ᠠ ᠨᠤᠭᠤᠳ ᠴᠥᠮ ᠰᠡᠳᠬᠢᠯ ᠰᠠᠨᠠᠭ᠎ᠠ ᠲᠠᠢ ᠬᠤᠯᠪᠣᠭᠳᠠᠨ᠎ᠠ᠃ ᠬᠤᠣᠰᠯᠠᠯ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 11 ᠰᠠᠷ᠎ᠠ ᠶᠢᠨ 3᠎ ᠤ ᠡᠳᠦᠷ᠂ ᠶᠠᠨᠴᠢᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 12 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠮᠠᠨ ᠤ ᠪᠠᠯᠭᠠᠰᠤᠨ ᠤ ᠪᠦᠦ ᠯᠢᠶᠠᠨ ᠲᠣᠰᠬᠤᠨ ᠳᠤ ᠢᠷᠡᠵᠦ ᠬᠤᠣᠰᠯᠠᠯ ᠪᠠᠶᠢᠭᠤᠯᠵᠤ ᠬᠠᠪᠰᠤᠷᠤᠨ ᠲᠡᠳᠬᠦᠬᠦ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠣᠶᠣᠨ ᠤ ᠲᠡᠵᠢᠭᠡᠯ ᠢ ᠨᠢᠭᠡ ᠤᠳᠠᠭ᠎ᠠ ᠬᠦᠷᠭᠡᠶ᠎ᠡ᠃ ᠪᠡᠭᠡᠵᠢᠩ ᠬᠤᠳᠠ ᠶᠢᠨ ᠶᠠᠨ ᠴᠢᠩ ᠲᠣᠭᠤᠷᠢᠭ ᠤᠨ ᠯᠢᠦ ᠴᠤᠸᠠᠨ ᠨᠡᠶᠢᠭᠡᠮ ᠲᠣᠭᠤᠷᠢᠭ ᠤᠨ ᠰᠣᠶᠣᠯ ᠤᠨ ᠦᠢᠯᠡᠴᠢᠯᠡᠭᠡᠨ ᠤ ᠲᠥᠪ᠂ ᠪᠡᠭᠡᠵᠢᠩ ᠬᠤᠳᠠ ᠶᠢᠨ ᠶᠠᠨ ᠴᠢᠩ ᠲᠣᠭᠤᠷᠢᠭ ᠤᠨ ᠼᠦᠢ ᠪᠠᠭᠰᠢ ᠶᠢᠨ ᠬᠢᠴᠢᠶᠡᠯ ᠲᠦᠷᠦᠯ ᠤᠨ ᠪᠣᠯᠪᠠᠰᠤᠷᠠᠯ ᠤᠨ ᠰᠤᠷᠭᠠᠭᠤᠯᠢ᠂ ᠪᠡᠭᠡᠵᠢᠩ ᠬᠤᠳᠠ ᠶᠢᠨ ᠶᠠᠨ ᠴᠢᠩ ᠲᠣᠭᠤᠷᠢᠭ ᠤᠨ ᠫᠧᠩ ᠺᠦᠨ ᠨᠡᠶᠢᠭᠡᠮ ᠤᠨ ᠠᠵᠢᠯ ᠤᠨ ᠬᠡᠷᠡᠭ ᠡᠷᠬᠢᠯᠡᠬᠦ ᠭᠠᠵᠠᠷ ᠠᠴᠠ ᠳ᠋ᠦᠩ ᠯᠢᠶᠠᠩ ᠪᠠᠭ᠎ᠠ ᠰᠤᠷᠭᠠᠭᠤᠯᠢ ᠳᠤ ᠨᠣᠮ ᠪᠢᠴᠢᠭ ᠬᠠᠨᠳᠢᠪᠯᠠᠬᠤ ᠶᠢᠨ ᠬᠠᠮᠲᠤ ᠬᠡᠦᠬᠡᠳ ᠤᠳ ᠲᠤ ᠰᠤᠷᠦᠯᠴᠡᠯᠭ᠎ᠠ ᠶᠢ ᠵᠢᠯᠣᠭᠤᠳᠬᠤ ᠠᠮᠢᠳᠤᠯᠢᠭ ᠬᠢᠴᠢᠶᠡᠯ ᠵᠢᠭᠠᠵᠤ᠂ ᠰᠤᠷᠦᠯᠴᠡᠯᠭ᠎ᠠ ᠶᠢ ᠬᠡᠷᠬᠢᠨ ᠬᠠᠶᠢᠷᠠᠯᠠᠬᠤ ᠶᠢ ᠬᠦᠯᠢᠴᠡᠩᠭᠦᠢ ᠪᠠᠷ ᠨᠠᠷᠢᠨ ᠨᠢᠮᠪᠠᠢ ᠵᠢᠭᠠᠪᠠ︔ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠪᠡ᠃      ᠡᠷᠡᠭᠦᠯ ᠮᠡᠨᠳᠦ ᠪᠠᠷ ᠲᠦᠭᠡᠮᠡᠯᠵᠢᠭᠦᠯᠬᠦ ᠶᠢ ᠨᠢᠭᠡ ᠤᠳᠠᠭ᠎ᠠ ᠬᠦᠷᠭᠡᠨ᠎ᠡ᠃ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠨᠡᠶᠢᠭᠡᠮᠯᠢᠭ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠢ ᠱᠸᠤ ᠶᠤᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠰᠠᠶᠢᠨ ᠳᠤᠷ᠎ᠠ ᠶᠢᠨ ᠠᠵᠢᠯᠯᠠᠭᠴᠢ ᠡᠷᠦᠭᠡ ᠳᠤ ᠣᠷᠣᠵᠤ ᠨᠠᠰᠤᠲᠠᠶᠢᠴᠤᠳ ᠲᠤ ᠴᠢᠰᠤᠨ ᠳᠠᠷᠤᠯᠲᠠ ᠶᠢ ᠬᠢᠨᠠᠨ ᠬᠡᠮᠵᠢᠬᠦ ᠵᠡᠷᠭᠡ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠨᠠᠰᠤᠲᠠᠶᠢᠴᠤᠳ ᠲᠤ ᠡᠷᠡᠭᠦᠯ ᠮᠡᠨᠳᠦ ᠶᠢᠨ ᠮᠡᠳᠡᠯᠭᠡ ᠶᠢ ᠨᠠᠷᠢᠨ ᠨᠢᠭᠲᠠ ᠤᠬᠠᠭᠤᠯᠤᠨ ᠲᠠᠶᠢᠯᠪᠤᠷᠢᠯᠠᠵᠤ ᠲᠦᠭᠡᠮᠡᠯᠵᠢᠭᠦᠯᠪᠡ︔ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠤᠯᠠᠨ ᠲᠦᠮᠡᠨ ᠲᠠᠢ ᠬᠤᠯᠪᠣᠭᠠᠯᠠᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠤᠯᠠᠭᠠᠨ ᠵᠠᠭᠠᠯᠮᠠᠶᠢᠳᠠᠨ ᠤ ᠯᠧᠺᠲ᠋ᠣᠷ ᠤᠯᠠᠨ ᠲᠦᠮᠡᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠦᠢᠯᠡᠳᠦᠯᠭᠡ ᠪᠠᠷ ᠳᠠᠮᠵᠢᠨ ᠬᠥᠮᠦᠰ ᠢ ᠳᠠᠭᠠᠭᠤᠯᠤᠨ ᠲᠦᠷᠭᠡᠨ ᠠᠪᠤᠷᠠᠬᠤ ᠪᠣᠭᠴᠣ ᠬᠡᠷᠡᠭᠯᠡᠬᠦ ᠶᠢ ᠰᠤᠷᠭᠠᠵᠠᠢ᠃      ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠦᠷᠭᠡᠶ᠎ᠡ᠃ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠨᠡᠶᠢᠭᠡᠮ ᠤᠨ ᠠᠵᠢᠯᠲᠠᠳ ᠤᠨ ᠬᠤᠯᠪᠣᠭᠠᠲᠤ ᠬᠤᠷᠠᠯ ᠠᠴᠠ ᠨᠠᠰᠤᠲᠠᠶᠢᠴᠤᠳ ᠲᠤ ᠦᠰᠦ ᠵᠠᠰᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ︔ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠠᠢ ᠹᠦ᠋ ᠰᠢᠩ ᠤᠨ ᠨᠡᠶᠢᠭᠡᠮ ᠤᠨ ᠠᠵᠢᠯ ᠤᠨ ᠬᠡᠷᠡᠭ ᠡᠷᠬᠢᠯᠡᠬᠦ ᠭᠠᠵᠠᠷ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠲᠦᠩ ᠰᠢᠨ ᠯᠧ ᠨᠠᠰᠤᠲᠠᠨ ᠢ ᠠᠰᠠᠷᠠᠬᠤ ᠬᠦᠷᠢᠶᠡᠯᠡᠩ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠾᠧ ᠴᠧᠩ ᠨᠡᠶᠢᠭᠡᠮ ᠤᠨ ᠠᠵᠢᠯ ᠤᠨ ᠬᠡᠷᠡᠭ ᠡᠷᠬᠢᠯᠡᠬᠦ ᠭᠠᠵᠠᠷ᠂ ᠪᠡᠭᠡᠵᠢᠩ ᠬᠤᠳᠠ ᠶᠢᠨ ᠶᠠᠨᠴᠢᠩ ᠲᠣᠭᠤᠷᠢᠭ ᠤᠨ ᠵᠢᠩ ᠶᠠᠩ ᠤᠨ ᠠᠷᠠᠳ ᠤᠨ ᠠᠮᠢᠳᠤᠷᠠᠯ ᠤᠨ ᠨᠡᠶᠢᠭᠡᠮ ᠤᠨ ᠠᠵᠢᠯ ᠤᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠠᠵᠢᠯᠯᠠᠭᠰᠠᠳ᠂ ᠨᠠᠰᠤᠲᠠᠶᠢᠴᠤᠳ ᠲᠤ ᠴᠠᠭᠠᠨ ᠭᠤᠯᠢᠷ᠂ ᠬᠥᠨᠵᠢᠯᠡ᠂ ᠭᠠᠷ ᠬᠠᠯᠠᠭᠤᠯᠬᠤ ᠡᠳ᠋᠂ ᠬᠤᠪᠴᠠᠰᠤ ᠤᠬᠢᠶᠠᠬᠤ ᠰᠢᠩᠭᠡᠨ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠬᠠᠨᠳᠢᠪᠯᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3