ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠡᠯᠡᠬᠡᠶ ᠶᠢᠨ ᠪᠠᠷᠢᠮᠵᠢᠶᠠᠲᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/6
      ᠪᠠᠷᠢᠮᠵᠢᠶᠠᠵᠢᠭᠤᠯᠤᠯᠲᠠ ᠶᠢᠨ ᠲᠦᠭᠡᠮᠡᠯᠵᠢᠭᠦᠯᠦᠯᠲᠡ ᠶᠢ ᠴᠢᠨᠠᠭᠰᠢᠳᠠ ᠪᠦᠬᠦ ᠲᠠᠯ᠎ᠠ ᠪᠠᠷ ᠴᠢᠩᠭᠠᠳᠬᠠᠵᠤ᠂ ᠪᠠᠷᠢᠮᠵᠢᠶ᠎ᠠ ᠶᠢ ᠡᠷᠬᠢᠮᠯᠡᠬᠦ᠂ ᠪᠠᠷᠢᠮᠵᠢᠶ᠎ᠠ ᠶᠢ ᠬᠡᠷᠡᠭᠯᠡᠬᠦ᠂ ᠪᠠᠷᠢᠮᠵᠢᠶ᠎ᠠ ᠶᠢ ᠰᠠᠬᠢᠬᠤ ᠶᠢ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠬᠤ ᠶᠢᠨ ᠲᠥᠯᠥᠭᠡ᠂ 11 ᠰᠠᠷ᠎ᠠ ᠶᠢᠨ 2 ᠤᠨ ᠡᠳᠦᠷ᠂ ᠰᠢᠩ ᠡᡁᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠰᠢᠨ᠎ᠡ ᠲᠣᠭᠤᠷᠢᠭ ᠤᠨ ᠡᠷᠡᠨ ᠵᠠᠭᠤᠨ ᠤ ᠠᠭᠤᠳᠠᠮ ᠲᠠᠯᠠᠪᠠᠢ ᠳᠤ ︽ᠰᠠᠶᠢᠨ ᠰᠠᠶᠢᠬᠠᠨ ᠳᠡᠯᠡᠬᠡᠢ ᠶᠢᠨ ᠬᠠᠮᠲᠤ ᠶᠢᠨ ᠬᠦᠰᠡᠯ ᠡᠷᠡᠮᠡᠯᠵᠡᠯ︾ ᠢᠶᠠᠷ ᠭᠤᠣᠯ ᠰᠡᠳᠦᠪ ᠪᠣᠯᠭᠠᠨ ᠳᠡᠯᠡᠬᠡᠢ ᠶᠢᠨ ᠪᠠᠷᠢᠮᠵᠢᠶ᠎ᠠ ᠶᠢᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠬᠡᠯᠪᠡᠷᠢ ᠪᠠᠷ ᠣᠯᠠᠨ ᠲᠦᠮᠡᠨ ᠳᠤ ᠳᠡᠯᠡᠬᠡᠶ ᠶᠢᠨ ᠪᠠᠷᠢᠮᠵᠢᠶᠠᠲᠤ ᠡᠳᠦᠷ ᠤᠨ ᠭᠤᠣᠯ ᠰᠡᠳᠦᠪᠲᠦ ᠣᠶᠢᠯᠠᠭᠠᠭᠳᠠᠬᠤᠨ ᠢ ᠤᠬᠠᠭᠤᠯᠵᠤ᠂ ᠪᠠᠷᠢᠮᠵᠢᠶᠠᠵᠢᠭᠤᠯᠤᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠷᠢᠮᠵᠢᠶᠠᠵᠢᠭᠤᠯᠤᠯᠲᠠ ᠶᠢᠨ ᠤᠬᠠᠭᠳᠠᠬᠤᠨ᠂ ᠪᠠᠷᠢᠮᠵᠢᠶ᠎ᠠ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠤᠯᠢ ᠴᠠᠭᠠᠵᠠ ᠶᠢᠨ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠵᠢᠴᠢ ᠡᠳᠦᠷ ᠳᠤᠳᠤᠮ ᠤᠨ ᠠᠮᠢᠳᠤᠷᠠᠯ ᠤᠨ ᠡᠯ᠎ᠡ ᠲᠠᠯ᠎ᠠ ᠶᠢᠨ ᠬᠡᠷᠡᠭᠯᠡᠯᠲᠡ ᠶᠢ ᠲᠠᠶᠢᠯᠪᠤᠷᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠤᠯᠠᠨ ᠲᠦᠮᠡᠨ ᠢᠳᠡᠪᠬᠢᠲᠡᠢ ᠣᠷᠣᠯᠴᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠵᠠᠢ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠪᠠᠷᠢᠮᠵᠢᠶᠠᠵᠢᠭᠤᠯᠤᠯᠲᠠ ᠶᠢᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠨ ᠲᠠᠷᠬᠠᠭᠠᠵᠤ᠂ ᠣᠯᠠᠨ ᠲᠦᠮᠡᠨ ᠤ ᠪᠠᠷᠢᠮᠵᠢᠶᠠᠵᠢᠭᠤᠯᠤᠯᠲᠠ ᠶᠢᠨ ᠤᠬᠠᠮᠰᠠᠷ ᠢ ᠴᠢᠩᠭᠠᠷᠠᠭᠤᠯᠤᠨ᠂ ᠬᠠᠷᠢᠶᠠᠲᠤ ᠣᠷᠣᠨ ᠤ ᠳᠣᠲᠣᠷ᠎ᠠ ᠪᠠᠨ ︽ᠪᠠᠷᠢᠮᠵᠢᠶ᠎ᠠ ᠶᠢ ᠰᠤᠷᠤᠯᠴᠠᠬᠤ᠂ ᠪᠠᠷᠢᠮᠵᠢᠶ᠎ᠠ ᠶᠢ ᠬᠡᠷᠡᠭᠯᠡᠬᠦ ᠂ ᠪᠠᠷᠢᠮᠵᠢᠶ᠎ᠠ ᠶᠢ ᠰᠠᠬᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3