11 ᠰᠠᠷ᠎ᠠ ᠶᠢᠨ 3 ᠤ ᠡᠳᠦᠷ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠭᠦᠨ | ᠵᠤᠵᠠᠭᠠᠨ ᠬᠠᠶᠢᠷ᠎ᠠ ᠰᠡᠳᠬᠢᠯᠭᠡ ᠶᠢ ᠳᠦᠭᠦᠷᠲᠡᠯ᠎ᠡ ᠠᠴᠢᠭᠰᠠᠨ ᠭᠤᠷᠪᠠᠨ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ | ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠪᠠᠷᠠᠭᠤᠨ ᠶᠡᠭᠡ ᠡᠭᠦᠳᠡᠨ ᠳᠤ ᠠᠯᠭᠤᠷᠬᠠᠨ ᠵᠣᠭᠰᠣᠵᠤ᠂ | ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠠᠨᠳᠢᠪᠯᠠᠭᠰᠠᠨ ᠨᠢᠭᠡ ᠪᠦᠯᠦᠭ ᠬᠡᠷᠡᠭᠯᠡᠭᠡᠳᠦᠶ | ᠵᠡᠮᠳᠡᠭᠴᠦᠳ ᠤᠨ ᠡᠷᠡᠭᠦᠯᠵᠢᠯ ᠤᠨ ᠲᠥᠬᠦᠭᠡᠷᠦᠮᠵᠢ ᠲᠥᠬᠦᠭᠡᠷᠦᠮᠵᠢ ᠶᠢ ᠲᠣᠭᠲᠠᠭᠰᠠᠨ ᠴᠠᠭ ᠲᠠᠭᠠᠨ | ᠨᠠᠶᠢᠳᠠᠪᠤᠷᠢᠵᠢᠭᠤᠯᠪᠠ᠃ ᠡᠨᠡ ᠪᠣᠯ ᠡᠨᠡ ᠵᠢᠯ ᠤᠨ 4 ᠰᠠᠷ᠎ᠠ ᠳᠤ ᠶᠠᠨᠴᠢᠩ ᠲᠣᠭᠤᠷᠢᠭ ᠤᠨ ᠵᠡᠮᠳᠡᠭᠴᠦᠳ ᠤᠨ | ᠬᠤᠯᠪᠣᠭ᠎ᠠ ᠠᠴᠠ ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ 50 ᠲᠦᠮᠡᠨ ᠲᠥᠭᠦᠷᠢᠭ ᠢ ᠬᠠᠪᠰᠤᠷᠤᠨ | ᠲᠡᠳᠬᠦᠭᠰᠡᠨ ᠤ ᠳᠠᠷᠠᠭᠠᠬᠢ ᠪᠠᠰᠠ ᠨᠢᠭᠡ ᠤᠳᠠᠭ᠎ᠠ ᠶᠢᠨ ᠬᠠᠶᠢᠷ᠎ᠠ ᠬᠠᠯᠠᠮᠵᠢ ᠶᠢᠨ ᠬᠠᠪᠰᠤᠷᠤᠯᠭ᠎ᠠ ᠪᠣᠯᠤᠨ᠎ᠠ᠂ ᠡᠨᠡ ᠨᠢ | ᠮᠠᠨ ᠤ ᠰᠢᠶᠠᠨ ᠤ ᠵᠡᠮᠳᠡᠭᠴᠦᠳ ᠲᠤ ᠨᠡᠩ ᠤᠯᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠠᠪᠴᠢᠷᠠᠵᠤ ᠥᠭᠴᠡᠢ᠃ | | ᠡᠲᠡᠭᠡᠷ ᠡᠳ᠋ ᠪᠣᠳᠠᠰ ᠤᠨ ᠲᠤᠭ᠎ᠠ ᠨᠢ 202 ᠪᠠᠶᠢᠵᠤ᠂ ᠶᠡᠷᠦᠩᠬᠡᠶ ᠥᠷᠲᠡᠭ ᠨᠢ ᠪᠠᠷᠤᠭ 241.2 ᠲᠦᠮᠡᠨ | ᠲᠥᠭᠦᠷᠢᠭ ᠪᠠᠶᠢᠵᠤ᠂ 23.4 ᠲᠦᠮᠡᠨ ᠲᠥᠭᠦᠷᠢᠭ ᠤᠨ ᠥᠷᠲᠡᠭ ᠪᠥᠬᠦᠶ ᠵᠡᠮᠳᠡᠭ ᠬᠡᠤᠬᠡᠳ ᠤᠨ ᠡᠷᠡᠭᠦᠯᠵᠢᠯ ᠤᠨ | ᠢᠵᠢ ᠪᠦᠷᠢᠨ ᠲᠥᠬᠦᠭᠡᠷᠦᠮᠵᠢ 102᠂ 217.8 ᠲᠦᠮᠡᠨ ᠲᠥᠭᠦᠷᠢᠭ ᠤᠨ ᠥᠷᠲᠡᠭ ᠪᠥᠬᠦᠶ ᠵᠡᠮᠳᠡᠭᠴᠦᠳ ᠤᠨ | ᠡᠷᠡᠭᠦᠯᠵᠢᠯ ᠤᠨ ᠲᠥᠬᠦᠭᠡᠷᠦᠮᠵᠢ 100 ᠶᠢ ᠪᠠᠭᠲᠠᠭᠠᠭᠰᠠᠨ ᠪᠠᠶᠢᠨ᠎ᠠ᠂ ᠡᠨᠡ ᠨᠢ ᠮᠠᠨ ᠤ ᠰᠢᠶᠠᠨ ᠤ ᠵᠡᠮᠳᠡᠭᠴᠦᠳ᠂ | ᠢᠯᠠᠩᠭᠤᠶ᠎ᠠ ᠵᠡᠮᠳᠡᠭ ᠬᠡᠤᠬᠡᠳ ᠤᠨ ᠡᠷᠡᠭᠦᠯᠵᠢᠯ ᠤᠨ ᠲᠥᠬᠦᠭᠡᠷᠦᠮᠵᠢ ᠶᠢᠨ ᠬᠤᠴᠣᠷᠤᠩᠭᠤᠶ ᠪᠠᠶᠢᠳᠠᠯ ᠢ ᠲᠦᠢᠯ ᠤᠨ | ᠶᠡᠭᠡ ᠪᠠᠷ ᠰᠠᠶᠢᠵᠢᠷᠠᠭᠤᠯᠵᠤ᠂ ᠮᠠᠨ ᠤ ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠡᠷᠡᠭᠦᠯᠵᠢᠯ ᠤᠨ | ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃ | 2023 ᠣᠨ ᠠᠴᠠ ᠨᠠᠰᠢ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠮᠠᠨ ᠤ | ᠰᠢᠶᠠᠨ ᠤ ᠵᠡᠮᠳᠡᠭᠴᠦᠳ ᠤᠨ ᠬᠤᠯᠪᠣᠭ᠎ᠠ ᠲᠠᠢ ᠤᠯᠠᠨ ᠤᠳᠠᠭ᠎ᠠ ᠬᠠᠷᠢᠯᠴᠠᠵᠤ᠂ ᠪᠡᠭᠡᠵᠢᠩ ᠥᠪᠥᠷ ᠮᠣᠩᠭᠤᠯ ᠤᠨ | ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠲᠤᠬᠠᠢ ᠤᠯᠤᠯᠴᠠᠨ | ᠵᠥᠪᠳᠡᠯᠴᠡᠪᠡ᠃ 4 ᠰᠠᠷ᠎ᠠ ᠶᠢᠨ 15 ᠤ ᠡᠳᠦᠷ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠮᠠ | ᠴᠢᠩ ᠶᠢᠤ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠮᠠᠨ ᠤ ᠰᠢᠶᠠᠨ ᠳᠤ ᠢᠷᠡᠵᠤ ᠬᠠᠪᠰᠤᠷᠤᠨ ᠲᠡᠳᠬᠦᠬᠦ | ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠵᠤ᠂ ᠮᠠᠨ ᠤ ᠰᠢᠶᠠᠨ ᠲᠠᠢ ᠣᠨ ᠤ ᠬᠠᠪᠰᠤᠷᠤᠨ ᠲᠡᠳᠬᠦᠬᠦ | ᠬᠠᠮᠵᠢᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ 50 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ 1 | ᠵᠡᠮᠳᠡᠭᠴᠦᠳ ᠤᠨ ︽ᠬᠠᠯᠠᠭᠤᠨ ᠳᠤᠯᠠᠭᠠᠨ ᠭᠡᠷ ᠣᠷᠣᠨ︾᠂ 50 ᠡᠷᠤᠬᠡ ᠬᠦᠨᠳᠦ ᠬᠦᠴᠢᠷᠳᠡᠯᠲᠡᠢ | ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠥᠭᠡᠷᠡᠴᠢᠯᠡᠯᠲᠡ ᠪᠣᠯᠤᠨ 330 ᠠᠴᠠ ᠳᠡᠭᠡᠭᠰᠢᠬᠢ | ᠵᠡᠮᠳᠡᠭᠴᠦᠳ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠬᠡᠷᠡᠭᠯᠡᠵᠡᠢ᠃ ᠣᠳᠣᠬᠠᠨ ᠳᠤ ᠡᠳᠡᠭᠡᠷ | ᠵᠦᠢᠯᠡᠰ ᠢ ᠨᠢᠭᠡᠨᠲᠡ ᠪᠦᠬᠦᠨ ᠢ ᠪᠡᠶᠡᠯᠡᠭᠦᠯᠪᠡ᠃ | 11 ᠰᠠᠷ᠎ᠠ ᠶᠢᠨ 2 ᠤᠨ ᠡᠳᠦᠷ᠂ ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠪᠠᠭ ᠤᠨ | ᠪᠦᠷᠢᠯᠳᠦᠬᠦᠨ ᠨᠡᠷ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠳᠤ ᠬᠦᠷᠴᠦ᠂ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠢ ᠵᠣᠯᠭᠠᠭᠤᠯᠵᠤ᠂ ᠡᠨᠡ ᠵᠢᠯ ᠠᠴᠠ | ᠨᠠᠰᠢᠬᠢ ᠬᠤᠶᠠᠷ ᠲᠠᠯ᠎ᠠ ᠶᠢᠨ ᠬᠡᠯᠡᠯᠴᠡᠭᠡᠷ ᠢ ᠨᠠᠶᠢᠳᠠᠪᠤᠷᠢᠵᠢᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ | ᠮᠡᠳᠡᠭᠦᠯᠬᠦ ᠶᠢᠨ ᠬᠠᠮᠲᠤ ᠵᠡᠮᠳᠡᠭᠴᠦᠳ ᠤᠨ ᠡᠷᠡᠭᠦᠯᠵᠢᠯ ᠤᠨ ᠡᠳ᠋ ᠪᠣᠳᠠᠰ ᠢ ᠬᠠᠨᠳᠢᠪᠯᠠᠬᠤ ᠣᠬᠤᠷ ᠠᠪᠰᠠᠷᠬᠠᠨ | ᠶᠣᠰᠣᠯᠠᠯ ᠶᠠᠪᠤᠭᠤᠯᠪᠠ᠃ ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠬᠠᠨᠳᠢᠪᠯᠠᠨ | ᠬᠦᠷᠭᠡᠭᠰᠡᠨ ᠡᠳ᠋ ᠪᠣᠳᠠᠰ ᠢ ᠠᠴᠢᠶᠠᠯᠠᠬᠤ ᠲᠤᠬᠠᠶ ᠶᠢᠨ ᠲᠠᠯᠠᠪᠤᠷ ᠲᠤ ᠬᠦᠷᠴᠦ ᠪᠠᠷᠠᠭᠠᠨ ᠤ ᠭᠦᠢᠯᠭᠡᠭᠡᠨ ᠤ | ᠺᠣᠮᠫᠠᠨᠢ ᠲᠠᠢ ᠵᠣᠯᠭᠠᠭᠤᠯᠵᠤ᠂ ᠲᠡᠭᠡᠭᠡᠪᠦᠷᠢᠯᠡᠬᠦ ᠶᠠᠪᠤᠴᠠ ᠳᠠᠬᠢ ᠬᠤᠯᠪᠣᠭᠳᠠᠯ ᠪᠥᠬᠦᠶ ᠤᠴᠢᠷ ᠶᠠᠪᠤᠳᠠᠯ ᠢ | ᠳᠣᠭᠢᠷᠠᠭᠤᠯᠤᠨ ᠵᠣᠬᠢᠴᠠᠭᠤᠯᠵᠤ᠂ ᠡᠨᠡ ᠪᠦᠯᠦᠭ ᠡᠳ᠋ ᠪᠣᠳᠠᠰ ᠢ ᠤᠷᠤᠭᠰᠢᠲᠠᠶ ᠬᠦᠷᠭᠡᠬᠦ ᠳᠤ ᠪᠠᠲᠤᠯᠠᠭ᠎ᠠ ᠬᠠᠩᠭᠠᠪᠠ᠃ | | ᠬᠤᠶᠠᠷ ᠲᠠᠯ᠎ᠠ ᠶᠢᠨ ᠬᠡᠯᠡᠯᠴᠡᠭᠡᠷ ᠢᠶᠠᠷ ᠪᠣᠯ᠂ ᠡᠨᠡ ᠪᠦᠯᠦᠭ ᠬᠠᠨᠳᠢᠪᠯᠠᠨ ᠬᠦᠷᠭᠡᠭᠰᠡᠨ ᠡᠳ᠋ ᠪᠣᠳᠠᠰ ᠢ | ᠤᠷᠢᠳᠠᠪᠠᠷ ᠮᠠᠨ ᠤ ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠲᠥᠪ ᠲᠤ ᠲᠣᠨᠣᠭᠯᠠᠵᠤ᠂ ᠬᠡᠰᠡᠭ ᠲᠤᠰᠠᠯᠠᠬᠤ | ᠪᠠᠭᠠᠵᠢ ᠬᠡᠷᠡᠭᠰᠡᠯ ᠢ ᠬᠡᠷᠡᠭᠴᠡᠭᠡ ᠪᠥᠬᠦᠶ ᠵᠡᠮᠳᠡᠭᠴᠦᠳ ᠲᠤ ᠦᠨ᠎ᠡ ᠲᠥᠯᠥᠪᠦᠷᠢ ᠥᠬᠡᠶ ᠪᠠᠷ ᠣᠯᠭᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |