ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠮᠠᠨ ᠤ ᠰᠢᠶᠠᠨ ᠤ ᠨᠢᠭᠡ ᠪᠦᠯᠦᠭ ᠵᠡᠮᠳᠡᠭᠴᠦᠳ ᠤᠨ ᠡᠷᠡᠭᠦᠯᠵᠢᠯ ᠤᠨ ᠲᠥᠬᠦᠭᠡᠷᠦᠮᠵᠢ ᠬᠠᠨᠳᠢᠪᠯᠠᠪᠠ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 3᠎ ᠤ ᠡᠳᠦᠷ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠦᠭᠦᠷᠲᠡᠯ᠎ᠡ ᠠᠴᠢᠭᠰᠠᠨ ᠭᠤᠷᠪᠠᠨ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠪᠠᠷᠠᠭᠤᠨ ᠶᠡᠭᠡ ᠡᠭᠦᠳᠡᠨ ᠳᠤ ᠠᠯᠭᠤᠷᠬᠠᠨ ᠵᠣᠭᠰᠣᠵᠤ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠠᠨᠳᠢᠪᠯᠠᠭᠰᠠᠨ ᠨᠢᠭᠡ ᠪᠦᠯᠦᠭ ᠬᠡᠷᠡᠭᠯᠡᠭᠡᠳᠦᠶ ᠵᠡᠮᠳᠡᠭᠴᠦᠳ ᠤᠨ ᠡᠷᠡᠭᠦᠯᠵᠢᠯ ᠤᠨ ᠲᠥᠬᠦᠭᠡᠷᠦᠮᠵᠢ ᠲᠥᠬᠦᠭᠡᠷᠦᠮᠵᠢ ᠶᠢ ᠲᠣᠭᠲᠠᠭᠰᠠᠨ ᠴᠠᠭ ᠲᠠᠭᠠᠨ ᠨᠠᠶᠢᠳᠠᠪᠤᠷᠢᠵᠢᠭᠤᠯᠪᠠ᠃ ᠡᠨᠡ ᠪᠣᠯ ᠡᠨᠡ ᠵᠢᠯ ᠤᠨ 4 ᠰᠠᠷ᠎ᠠ ᠳᠤ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ 50 ᠲᠦᠮᠡᠨ ᠲᠥᠭᠦᠷᠢᠭ ᠢ ᠬᠠᠪᠰᠤᠷᠤᠨ ᠲᠡᠳᠬᠦᠭᠰᠡᠨ ᠤ ᠳᠠᠷᠠᠭᠠᠬᠢ ᠪᠠᠰᠠ ᠨᠢᠭᠡ ᠤᠳᠠᠭ᠎ᠠ ᠶᠢᠨ ᠬᠠᠶᠢᠷ᠎ᠠ ᠬᠠᠯᠠᠮᠵᠢ ᠶᠢᠨ ᠬᠠᠪᠰᠤᠷᠤᠯᠭ᠎ᠠ ᠪᠣᠯᠤᠨ᠎ᠠ᠂ ᠡᠨᠡ ᠨᠢ ᠮᠠᠨ ᠤ ᠰᠢᠶᠠᠨ ᠤ ᠵᠡᠮᠳᠡᠭᠴᠦᠳ ᠲᠤ ᠨᠡᠩ ᠤᠯᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠠᠪᠴᠢᠷᠠᠵᠤ ᠥᠭᠴᠡᠢ᠃      ᠡᠲᠡᠭᠡᠷ ᠡᠳ᠋ ᠪᠣᠳᠠᠰ ᠤᠨ ᠲᠤᠭ᠎ᠠ ᠨᠢ 202 ᠪᠠᠶᠢᠵᠤ᠂ ᠶᠡᠷᠦᠩᠬᠡᠶ ᠥᠷᠲᠡᠭ ᠨᠢ ᠪᠠᠷᠤᠭ 241.2 ᠲᠦᠮᠡᠨ ᠲᠥᠭᠦᠷᠢᠭ ᠪᠠᠶᠢᠵᠤ᠂ 23.4 ᠲᠦᠮᠡᠨ ᠲᠥᠭᠦᠷᠢᠭ ᠤᠨ ᠥᠷᠲᠡᠭ ᠪᠥᠬᠦᠶ ᠵᠡᠮᠳᠡᠭ ᠬᠡᠤᠬᠡᠳ ᠤᠨ ᠡᠷᠡᠭᠦᠯᠵᠢᠯ ᠤᠨ ᠢᠵᠢ ᠪᠦᠷᠢᠨ ᠲᠥᠬᠦᠭᠡᠷᠦᠮᠵᠢ 102᠂ 217.8 ᠲᠦᠮᠡᠨ ᠲᠥᠭᠦᠷᠢᠭ ᠤᠨ ᠥᠷᠲᠡᠭ ᠪᠥᠬᠦᠶ ᠵᠡᠮᠳᠡᠭᠴᠦᠳ ᠤᠨ ᠡᠷᠡᠭᠦᠯᠵᠢᠯ ᠤᠨ ᠲᠥᠬᠦᠭᠡᠷᠦᠮᠵᠢ 100᠎ ᠶᠢ ᠪᠠᠭᠲᠠᠭᠠᠭᠰᠠᠨ ᠪᠠᠶᠢᠨ᠎ᠠ᠂ ᠡᠨᠡ ᠨᠢ ᠮᠠᠨ ᠤ ᠰᠢᠶᠠᠨ ᠤ ᠵᠡᠮᠳᠡᠭᠴᠦᠳ᠂ ᠢᠯᠠᠩᠭᠤᠶ᠎ᠠ ᠵᠡᠮᠳᠡᠭ ᠬᠡᠤᠬᠡᠳ ᠤᠨ ᠡᠷᠡᠭᠦᠯᠵᠢᠯ ᠤᠨ ᠲᠥᠬᠦᠭᠡᠷᠦᠮᠵᠢ ᠶᠢᠨ ᠬᠤᠴᠣᠷᠤᠩᠭᠤᠶ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠮᠠᠨ ᠤ ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠲᠥᠪ ᠤᠨ ᠡᠷᠡᠭᠦᠯᠵᠢᠯ ᠤᠨ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃      2023 ᠣᠨ ᠠᠴᠠ ᠨᠠᠰᠢ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠮᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠲᠠᠢ ᠤᠯᠠᠨ ᠤᠳᠠᠭ᠎ᠠ ᠬᠠᠷᠢᠯᠴᠠᠵᠤ᠂ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠲᠤᠬᠠᠢ ᠤᠯᠤᠯᠴᠠᠨ ᠵᠥᠪᠳᠡᠯᠴᠡᠪᠡ᠃ 4 ᠰᠠᠷ᠎ᠠ ᠶᠢᠨ 15᠎ ᠤ ᠡᠳᠦᠷ᠂ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠮᠠ ᠴᠢᠩ ᠶᠢᠤ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠮᠠᠨ ᠤ ᠰᠢᠶᠠᠨ ᠳᠤ ᠢᠷᠡᠵᠤ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠢ ᠪᠠᠶᠢᠴᠠᠭᠠᠨ ᠰᠤᠳᠤᠯᠵᠤ᠂ ᠮᠠᠨ ᠤ ᠰᠢᠶᠠᠨ ᠲᠠᠢ ᠣᠨ ᠤ ᠬᠠᠪᠰᠤᠷᠤᠨ ᠲᠡᠳᠬᠦᠬᠦ ᠬᠠᠮᠵᠢᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ 50 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ 1 ᠵᠡᠮᠳᠡᠭᠴᠦᠳ ᠤᠨ ︽ᠬᠠᠯᠠᠭᠤᠨ ᠳᠤᠯᠠᠭᠠᠨ ᠭᠡᠷ ᠣᠷᠣᠨ︾᠂ 50 ᠡᠷᠤᠬᠡ ᠬᠦᠨᠳᠦ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠥᠭᠡᠷᠡᠴᠢᠯᠡᠯᠲᠡ ᠪᠣᠯᠤᠨ 330᠎ ᠠᠴᠠ ᠳᠡᠭᠡᠭᠰᠢᠬᠢ ᠵᠡᠮᠳᠡᠭᠴᠦᠳ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠬᠡᠷᠡᠭᠯᠡᠵᠡᠢ᠃ ᠣᠳᠣᠬᠠᠨ ᠳᠤ ᠡᠳᠡᠭᠡᠷ ᠵᠦᠢᠯᠡᠰ ᠢ ᠨᠢᠭᠡᠨᠲᠡ ᠪᠦᠬᠦᠨ ᠢ ᠪᠡᠶᠡᠯᠡᠭᠦᠯᠪᠡ᠃      11 ᠰᠠᠷ᠎ᠠ ᠶᠢᠨ 2᠎ ᠤᠨ ᠡᠳᠦᠷ᠂ ᠰᠢᠩ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠪᠠᠭ ᠤᠨ ᠪᠦᠷᠢᠯᠳᠦᠬᠦᠨ ᠨᠡᠷ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠢ ᠵᠣᠯᠭᠠᠭᠤᠯᠵᠤ᠂ ᠡᠨᠡ ᠵᠢᠯ ᠠᠴᠠ ᠨᠠᠰᠢᠬᠢ ᠬᠤᠶᠠᠷ ᠲᠠᠯ᠎ᠠ ᠶᠢᠨ ᠬᠡᠯᠡᠯᠴᠡᠭᠡᠷ ᠢ ᠨᠠᠶᠢᠳᠠᠪᠤᠷᠢᠵᠢᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ ᠵᠡᠮᠳᠡᠭᠴᠦᠳ ᠤᠨ ᠡᠷᠡᠭᠦᠯᠵᠢᠯ ᠤᠨ ᠡᠳ᠋ ᠪᠣᠳᠠᠰ ᠢ ᠬᠠᠨᠳᠢᠪᠯᠠᠬᠤ ᠣᠬᠤᠷ ᠠᠪᠰᠠᠷᠬᠠᠨ ᠶᠣᠰᠣᠯᠠᠯ ᠶᠠᠪᠤᠭᠤᠯᠪᠠ᠃ ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠬᠠᠨᠳᠢᠪᠯᠠᠨ ᠬᠦᠷᠭᠡᠭᠰᠡᠨ ᠡᠳ᠋ ᠪᠣᠳᠠᠰ ᠢ ᠠᠴᠢᠶᠠᠯᠠᠬᠤ ᠲᠤᠬᠠᠶ ᠶᠢᠨ ᠲᠠᠯᠠᠪᠤᠷ ᠲᠤ ᠬᠦᠷᠴᠦ ᠪᠠᠷᠠᠭᠠᠨ ᠤ ᠭᠦᠢᠯᠭᠡᠭᠡᠨ ᠤ ᠺᠣᠮᠫᠠᠨᠢ ᠲᠠᠢ ᠵᠣᠯᠭᠠᠭᠤᠯᠵᠤ᠂ ᠲᠡᠭᠡᠭᠡᠪᠦᠷᠢᠯᠡᠬᠦ ᠶᠠᠪᠤᠴᠠ ᠳᠠᠬᠢ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠭᠢᠷᠠᠭᠤᠯᠤᠨ ᠵᠣᠬᠢᠴᠠᠭᠤᠯᠵᠤ᠂ ᠡᠨᠡ ᠪᠦᠯᠦᠭ ᠡᠳ᠋ ᠪᠣᠳᠠᠰ ᠢ ᠤᠷᠤᠭᠰᠢᠲᠠᠶ ᠬᠦᠷᠭᠡᠬᠦ ᠳᠤ ᠪᠠᠲᠤᠯᠠᠭ᠎ᠠ ᠬᠠᠩᠭᠠᠪᠠ᠃      ᠬᠤᠶᠠᠷ ᠲᠠᠯ᠎ᠠ ᠶᠢᠨ ᠬᠡᠯᠡᠯᠴᠡᠭᠡᠷ ᠢᠶᠠᠷ ᠪᠣᠯ᠂ ᠡᠨᠡ ᠪᠦᠯᠦᠭ ᠬᠠᠨᠳᠢᠪᠯᠠᠨ ᠬᠦᠷᠭᠡᠭᠰᠡᠨ ᠡᠳ᠋ ᠪᠣᠳᠠᠰ ᠢ ᠤᠷᠢᠳᠠᠪᠠᠷ ᠮᠠᠨ ᠤ ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠲᠥᠪ ᠲᠤ ᠲᠣᠨᠣᠭᠯᠠᠵᠤ᠂ ᠬᠡᠰᠡᠭ ᠲᠤᠰᠠᠯᠠᠬᠤ ᠪᠠᠭᠠᠵᠢ ᠬᠡᠷᠡᠭᠰᠡᠯ ᠢ ᠬᠡᠷᠡᠭᠴᠡᠭᠡ ᠪᠥᠬᠦᠶ ᠵᠡᠮᠳᠡᠭᠴᠦᠳ ᠲᠤ ᠦᠨ᠎ᠡ ᠲᠥᠯᠥᠪᠦᠷᠢ ᠥᠬᠡᠶ ᠪᠠᠷ ᠣᠯᠭᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3