ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 6 ᠤ ᠦᠳᠡ ᠶᠢᠨ ᠡᠮᠦᠨ᠎ᠡ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ | ︽ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ᠂ ᠲᠡᠳᠡᠨ ᠢ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ | ᠪᠠᠷᠢᠮᠲᠠᠯᠠᠨ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | | | 11 ᠰᠠᠷ᠎ᠠ ᠶᠢᠨ 6 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠼᠠᠢ ᠴᠢ᠂ ᠯᠢ | ᠰᠢ ᠨᠠᠷ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ︽ᠹᠧᠩᠴᠢᠶᠤᠤ ᠮᠠᠶ᠋ᠢᠭ ᠤᠨ | ᠠᠵᠢᠯᠯᠠᠬᠤ ᠠᠷᠭ᠎ᠠ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ | ᠠᠭᠤᠯᠵᠠᠯᠲᠠ ᠳᠤ ᠣᠷᠣᠯᠴᠠᠵᠠᠢ᠃ | ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠶᠡᠭᠡ ᠲᠢᠩᠬᠢᠮ ᠳᠤ ᠣᠷᠣᠵᠤ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ | ᠰᠢ ᠶᠢᠨ ᠫᠢᠩ ᠨᠠᠷ ᠲᠥᠯᠥᠭᠡᠯᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠳᠣᠲᠣᠨᠣ ᠪᠠᠷ | ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠴᠧᠨ ᠸᠧᠨ ᠴᠢᠩ᠂ ᠸᠠᠩ ᠰᠢᠶᠣᠣ ᠬᠤᠩ᠂ ᠦ᠋ ᠵᠧᠩ ᠯᠦᠩ᠂ ᠵᠠᠩ ᠵᠢᠶᠦ᠋ᠨ᠂ ᠶᠢᠩ ᠶᠦᠩ ᠠᠭᠤᠯᠵᠠᠯᠲᠠ ᠳᠤ | ᠣᠷᠣᠯᠴᠠᠵᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ | ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠲᠤᠬᠠᠢ ᠠᠯᠢ ᠤᠯᠠᠨ ᠴᠢᠬᠤᠯᠠ ᠵᠢᠭᠠᠪᠤᠷᠢ | ᠥᠭᠪᠡ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠨᠢᠭᠲᠠ ᠲᠦᠰᠢᠭᠯᠡᠨ ᠰᠢᠨ᠎ᠡ ᠶᠢ | ᠡᠭᠦᠳᠬᠦ ᠶᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠡᠭᠦᠳᠦᠭᠰᠡᠨ ᠪᠠᠶᠢᠨ᠎ᠠ᠃ ᠲᠥᠪ ᠤᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠬᠢᠨ ᠪᠦᠭᠦ ᠤᠯᠤᠰ ᠤᠨ ᠬᠡᠪᠴᠢᠶᠡᠨ ᠳᠤ 104 ︽ᠹᠧᠩᠴᠢᠶᠤᠤ ᠮᠠᠶ᠋ᠢᠭ ᠤᠨ ᠠᠵᠢᠯᠯᠠᠬᠤ | ᠠᠷᠭ᠎ᠠ︾ ᠶᠢᠨ ᠨᠢᠭᠡᠴᠢ ᠶᠢ ᠰᠣᠩᠭᠤᠨ ᠭᠠᠷᠭᠠᠵᠠᠢ᠃ |