ᠮᠠᠨ ᠤ ᠰᠢᠶᠠᠨ ᠰᠢ ᠶᠢᠨ ᠫᠢᠩ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/11/8
     11 ᠳ᠋ᠦᠭᠡᠷ ᠰᠠᠷ᠎ᠠ ᠶᠢᠨ 7᠎ ᠤ ᠡᠳᠦᠷ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃      ᠪᠣᠯᠪᠠᠰᠤᠷᠠᠯ ᠤᠨ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢ ᠤᠷᠢᠵᠤ᠂ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠢᠴᠢ ᠬᠤᠲᠠ ᠶᠢᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠣᠯᠠᠨ ᠯᠧᠺᠲ᠋ᠣᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠨᠣᠮᠧᠷ ᠤᠨ ᠬᠠᠤᠯᠢ︾᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣᠴᠢᠯᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠦᠷᠢᠮ︾᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠥᠭᠦᠯᠡᠯᠲᠡ ᠵᠡᠷᠭᠡ ᠠᠭᠤᠯᠭ᠎ᠠ ᠳᠤ ᠲᠠᠶᠢᠯᠤᠮᠵᠢ ᠬᠢᠵᠡᠶ᠃ ᠡᠭᠦᠨ ᠤ ᠵᠣᠷᠢᠯᠭ᠎ᠠ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠤᠯᠤᠰ ᠣᠷᠣᠨ ᠤ ᠲᠤᠬᠠᠶ ᠵᠥᠪ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠲᠤᠬᠠᠶ ᠵᠥᠪ ᠦᠵᠡᠯᠲᠡ ᠶᠢ ᠪᠤᠶ ᠪᠣᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠢᠨ ᠲᠥᠯᠥᠭᠡ ᠶᠤᠮ      ᠪᠣᠯᠪᠠᠰᠤᠷᠠᠯ ᠤᠨ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠣᠨᠣᠪᠴᠢᠲᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢ ᠪᠦᠳᠦᠭᠡᠨ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠣᠳᠣᠬᠢᠴᠢᠯᠠᠯᠲᠠ ᠶᠢᠨ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ᠂ ᠨᠡᠶᠢᠲᠡ ᠬᠤᠶᠠᠷ ᠬᠤᠭᠤᠴᠠᠭ᠎ᠠ ᠪᠠᠶᠢᠵᠤ᠂ ᠪᠥᠬᠦ ᠰᠢᠶᠠᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠪᠣᠯᠪᠠᠰᠤᠷᠠᠭᠤᠯᠤᠯ ᠳᠤ ᠣᠷᠣᠯᠴᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3