ᠮᠠᠨ ᠤ ᠰᠢᠶᠠᠨ ᠰᠢ ᠶᠢᠨ ᠫᠢᠩ ᠤ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/11/8
     11 ᠳ᠋ᠦᠭᠡᠷ ᠰᠠᠷ᠎ᠠ ᠶᠢᠨ 7 ᠤ ᠡᠳᠦᠷ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃      ᠪᠣᠯᠪᠠᠰᠤᠷᠠᠯ ᠤᠨ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢ ᠤᠷᠢᠵᠤ᠂ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠢᠴᠢ ᠬᠤᠲᠠ ᠶᠢᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠣᠯᠠᠨ ᠯᠧᠺᠲ᠋ᠣᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠨᠣᠮᠧᠷ ᠤᠨ ᠬᠠᠤᠯᠢ︾᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠦᠢᠮᠣᠴᠢᠯᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠦᠷᠢᠮ︾᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠥᠭᠦᠯᠡᠯᠲᠡ ᠵᠡᠷᠭᠡ ᠠᠭᠤᠯᠭ᠎ᠠ ᠳᠤ ᠲᠠᠶᠢᠯᠤᠮᠵᠢ ᠬᠢᠵᠡᠶ᠃ ᠡᠭᠦᠨ ᠤ ᠵᠣᠷᠢᠯᠭ᠎ᠠ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠤᠯᠤᠰ ᠣᠷᠣᠨ ᠤ ᠲᠤᠬᠠᠶ ᠵᠥᠪ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠲᠤᠬᠠᠶ ᠵᠥᠪ ᠦᠵᠡᠯᠲᠡ ᠶᠢ ᠪᠤᠶ ᠪᠣᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠲᠥᠯᠥᠭᠡ ᠶᠤᠮ      ᠪᠣᠯᠪᠠᠰᠤᠷᠠᠯ ᠤᠨ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠣᠨᠣᠪᠴᠢᠲᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ ᠪᠦᠳᠦᠭᠡᠨ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠣᠳᠣᠬᠢᠴᠢᠯᠠᠯᠲᠠ ᠶᠢᠨ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ᠂ ᠨᠡᠶᠢᠲᠡ ᠬᠤᠶᠠᠷ ᠬᠤᠭᠤᠴᠠᠭ᠎ᠠ ᠪᠠᠶᠢᠵᠤ᠂ ᠪᠥᠬᠦ ᠰᠢᠶᠠᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷᠴᠤᠳ ᠪᠣᠯᠪᠠᠰᠤᠷᠠᠭᠤᠯᠤᠯ ᠳᠤ ᠣᠷᠣᠯᠴᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3