ᠯᠢ ᠺᠠᠢ ᠳ᠋ᠦᠩ ᠪᠦᠯᠬᠦᠮ ᠳᠠᠭᠠᠭᠤᠯᠤᠨ ᠾᠧᠪᠸᠢ ᠮᠤᠵᠢ᠂ ᠰᠧᠴᠤᠸᠠᠨ ᠮᠤᠵᠢ᠂ ᠾᠧᠨᠠᠨ ᠮᠤᠵᠢ᠂ ᠵᠢᠶᠠᠩᠰᠦ ᠮᠤᠵᠢ ᠵᠡᠷᠭᠡ ᠤᠯᠠᠨ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/11/8
      10 ᠰᠠᠷ᠎ᠠ ᠶᠢᠨ 29 ᠤ ᠡᠳᠦᠷ ᠠᠴᠠ 11 ᠰᠠᠷ᠎ᠠ ᠶᠢᠨ 6 ᠤ ᠡᠳᠦᠷ ᠪᠣᠯᠲᠠᠯ᠎ᠠ᠂ ᠰᠢᠩ ᠡᡁᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠢ ᠳ᠋ᠦᠩ ᠪᠦᠯᠬᠦᠮ ᠳᠠᠭᠠᠭᠤᠯᠤᠨ ᠾᠧᠪᠸᠢ ᠮᠤᠵᠢ᠂ ᠰᠧᠴᠤᠸᠠᠨ ᠮᠤᠵᠢ᠂ ᠾᠧᠨᠠᠨ ᠮᠤᠵᠢ᠂ ᠵᠢᠶᠠᠩᠰᠦ ᠮᠤᠵᠢ ᠵᠡᠷᠭᠡ ᠤᠯᠠᠨ ᠮᠤᠵᠢ ᠬᠤᠳᠠ ᠳᠤ ᠬᠦᠷᠴᠦ ᠬᠡᠷᠡᠯ ᠴᠡᠨᠡᠭ ᠤᠨ ᠲᠤᠨᠤᠭ ᠲᠥᠬᠦᠭᠡᠷᠦᠮᠵᠢ᠂ ᠨᠡᠭᠦᠷᠡᠰᠦᠵᠢᠭᠦᠯᠦᠭᠰᠡᠨ ᠦᠢᠯᠡᠳᠬᠦᠨ ᠢ ᠡᠳ᠋ᠰᠢᠭᠦᠯᠦᠨ ᠦᠢᠯᠡᠳᠪᠦᠷᠢᠯᠡᠬᠦ᠂ ᠰᠢᠯ ᠰᠢᠷᠬᠡᠭᠯᠢᠭ ᠤᠨ ᠦᠢᠯᠡᠳᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃      ᠴᠦᠩᠴᠢᠩ ᠤᠨ ᠤᠯᠠᠨ ᠤᠯᠤᠰ ᠤᠨ ᠨᠡᠶᠢᠯᠡᠮᠡᠯ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠰᠢᠯ ᠰᠢᠷᠬᠡᠭᠯᠢᠭ ᠤᠨ ᠲᠠᠲᠠᠯᠭ᠎ᠠ ᠵᠢᠴᠢ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢ ᠨᠠᠷᠢᠨ ᠨᠢᠭᠲᠠ ᠲᠣᠭᠤᠷᠢᠨ ᠦᠵᠡᠪᠡ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠯ ᠰᠢᠷᠬᠡᠭᠯᠢᠭ ᠢ ᠦᠢᠯᠡᠳᠪᠦᠷᠢᠯᠡᠵᠦ ᠪᠣᠯᠪᠠᠰᠤᠷᠠᠭᠤᠯᠬᠤ ᠳᠤ ᠬᠡᠷᠡᠭᠰᠡᠬᠦ ᠭᠤᠤ ᠯᠢᠩ ᠰᠢᠷᠣᠶ᠂ ᠥᠭᠡᠬᠦᠨ ᠴᠢᠯᠠᠭᠤᠨ ᠡᠯᠡᠰᠦ ᠵᠡᠷᠭᠡ ᠲᠦᠭᠦᠬᠡᠶ ᠮᠠᠲ᠋ᠧᠷᠢᠶᠠᠯ ᠰᠢᠩ ᠾᠧ ᠰᠢᠶᠠᠨ ᠳᠤ ᠴᠥᠮ ᠲᠠᠷᠬᠠᠯᠲᠠ ᠲᠠᠢ ᠪᠥᠭᠡᠳ ᠰᠢᠩ ᠾᠧ ᠰᠢᠶᠠᠨ ᠳᠤ ᠨᠣᠭᠤᠭᠠᠨ ᠴᠠᠬᠢᠯᠭᠠᠨ  ᠭᠦᠢᠴᠡᠳ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠠᠩᠭᠠᠯᠭ᠎ᠠ  ᠭᠦᠢᠴᠡᠳ ᠪᠠᠶᠢᠵᠤ᠂ ᠰᠢᠯ ᠰᠢᠷᠬᠡᠭᠯᠢᠭ ᠤᠨ ᠠᠵᠤ  ᠦᠢᠯᠡᠰ ᠤᠨ ᠲᠥᠷᠥᠯ  ᠵᠦᠢᠯ ᠤᠨ ᠳᠠᠪᠠᠭᠤᠯᠢᠭ ᠲᠣᠪᠤᠶᠢᠮ᠎ᠠ ᠪᠠᠶᠢᠳᠠᠭ᠃ ᠴᠦᠩᠴᠢᠩ ᠤᠨ ᠤᠯᠠᠨ ᠤᠯᠤᠰ ᠤᠨ ᠨᠡᠶᠢᠯᠡᠮᠡᠯ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠩ ᠾᠧ ᠰᠢᠶᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠵᠥᠪᠳᠡᠯᠴᠡᠨ ᠬᠠᠮᠲᠤᠷᠠᠯᠴᠠᠬᠤ ᠶᠢ ᠬᠦᠰᠡᠵᠦ ᠪᠠᠶᠢᠨ᠎ᠠ᠃      ᠺᠠᠶᠢᠹᠧᠩ ᠤᠨ ᠨᠡᠭᠦᠷᠡᠰᠦᠨ ᠤ ᠰᠢᠨ᠎ᠡ ᠬᠡᠯᠪᠡᠷᠢ ᠶᠢᠨ ᠨᠡᠭᠦᠷᠡᠰᠦᠨ ᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠺᠠᠶᠢᠹᠧᠩ ᠤᠨ ᠨᠡᠭᠦᠷᠡᠰᠦᠨ ᠤ ᠰᠢᠨ᠎ᠡ ᠬᠡᠯᠪᠡᠷᠢ ᠶᠢᠨ ᠨᠡᠭᠦᠷᠡᠰᠦᠨ ᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢᠨ ᠮᠡᠷᠭᠡᠵᠢᠯ ᠤᠨ ᠲᠦᠪᠰᠢᠨ ᠪᠣᠯᠤᠨ ᠦᠢᠯᠡᠳᠬᠦᠨ ᠤ ᠲᠦᠷᠦᠯ ᠵᠦᠢᠯ ᠢ ᠨᠠᠷᠢᠨ ᠨᠢᠭᠲᠠ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠰᠢᠩ ᠾᠧ ᠰᠢᠶᠠᠨ ᠤ ᠭᠠᠵᠠᠷ ᠰᠢᠷᠣᠶ ᠶᠢᠨ ᠦᠨ᠎ᠡ ᠬᠠᠩᠰᠢ᠂ ᠨᠣᠭᠤᠭᠠᠨ ᠴᠠᠬᠢᠯᠭᠠᠨ ᠤ ᠲᠣᠬᠢᠷᠠᠭᠤᠯᠤᠯᠲᠠ᠂ ᠠᠵᠤ ᠦᠢᠯᠡᠳᠪᠦᠷᠢ ᠶᠢᠨ ᠰᠠᠭᠤᠷᠢ ᠲᠥᠬᠦᠭᠡᠷᠦᠮᠵᠢ ᠵᠡᠷᠭᠡ ᠲᠠᠯ᠎ᠠ ᠶᠢᠨ ᠳᠠᠪᠠᠭᠤᠯᠢᠭ ᠢᠯᠡᠳᠲᠡ ᠪᠠᠶᠢᠨ᠎ᠠ᠃ ᠰᠢᠶᠠᠨ ᠤ ᠳᠣᠲᠣᠷ᠎ᠠ ᠨᠡᠭᠦᠷᠡᠰᠦᠵᠢᠭᠦᠯᠦᠭᠰᠡᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ 12 ᠪᠠᠶᠢᠵᠤ᠂ ᠲᠦᠷᠦᠯ ᠵᠦᠢᠯ ᠤᠨ ᠪᠦᠲᠦᠭᠡᠭᠳᠡᠬᠦᠨ ᠤ ᠶᠠᠩᠵᠤ ᠬᠡᠯᠪᠡᠷᠢ ᠨᠢ ᠪᠦᠷᠢᠨ ᠭᠦᠢᠴᠡᠳ ᠪᠠᠶᠢᠵᠤ᠂ ᠨᠢᠭᠡᠨᠲᠡ ᠵᠣᠬᠢᠬᠤ ᠪᠥᠭᠡᠮᠨᠡᠷᠡᠯ ᠤᠨ ᠦᠢᠯᠡᠳᠦᠯ ᠢ ᠪᠤᠢ ᠪᠣᠯᠭᠠᠭᠰᠠᠨ ᠪᠠᠶᠢᠨ᠎ᠠ᠃ ᠰᠢᠩ ᠾᠧ ᠰᠢᠶᠠᠨ ᠳᠤ ᠨᠡᠭᠦᠷᠡᠰᠦᠵᠢᠭᠦᠯᠦᠭᠰᠡᠨ ᠪᠦᠲᠦᠭᠡᠭᠳᠡᠬᠦᠨ ᠢ ᠦᠢᠯᠡᠳᠦᠨ ᠪᠣᠯᠪᠠᠰᠤᠷᠠᠭᠤᠯᠬᠤ ᠲᠦᠷᠦᠯ ᠵᠦᠢᠯ ᠳᠤ ᠪᠡᠯᠡ ᠣᠷᠣᠭᠤᠯᠪᠠᠯ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠶᠡᠭᠡ ᠬᠡᠮᠵᠢᠶ᠎ᠡ ᠪᠠᠷ ᠪᠠᠭᠠᠰᠬᠠᠵᠤ᠂ ᠪᠦᠲᠦᠭᠡᠭᠳᠡᠬᠦᠨ ᠤ ᠥᠷᠢᠰᠥᠯᠳᠦᠭᠡᠨ ᠤ ᠳᠠᠪᠠᠭᠤᠯᠢᠭ ᠢ ᠨᠡᠮᠡᠭᠳᠡᠭᠦᠯᠵᠦ ᠪᠣᠯᠤᠨ᠎ᠠ᠃ ᠺᠠᠶᠢᠹᠧᠩ ᠤᠨ ᠫᠢᠩ ᠨᠡᠭᠦᠷᠡᠰᠦᠨ ᠤ ᠰᠢᠨ᠎ᠡ ᠬᠡᠯᠪᠡᠷᠢ ᠶᠢᠨ ᠨᠡᠭᠦᠷᠡᠰᠦᠨ ᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠩ ᠡᡁᠧ ᠰᠢᠶᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠵᠥᠪᠳᠡᠯᠴᠡᠨ ᠬᠠᠮᠲᠤᠷᠠᠯᠴᠠᠬᠤ ᠶᠢ ᠬᠦᠰᠡᠵᠦ ᠪᠠᠶᠢᠨ᠎ᠠ᠃      ᠯᠢ ᠺᠠᠢ ᠳ᠋ᠦᠩ ᠨᠡᠷ ᠪᠠᠰᠠ ᠲᠠᠩᠱᠠᠨ ᠤ ᠬᠠᠢ ᠲᠠᠢ  ᠰᠢᠨ᠎ᠡ ᠡᠨᠧᠷᠭᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢᠨ ᠲᠦᠷᠦᠯ ᠵᠦᠢᠯ᠂ ᠵᠢᠶᠠᠩᠰᠦ ᠶᠢᠨ ᠷᠦᠢ ᠱᠧᠩ  ᠭᠡᠷᠡᠯ ᠡᠨᠧᠷᠭᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢᠨ ᠲᠦᠷᠦᠯ ᠵᠦᠢᠯ᠂ ᠾᠧᠪᠸᠢ ᠶᠢᠨ ᠸᠧᠨ ᠹᠧᠩ ᠠᠵᠤ ᠦᠢᠯᠡᠰ ᠤᠨ ᠪᠦᠯᠦᠭᠯᠡᠯ ᠤᠨ ᠬᠦᠩᠭᠡᠨ ᠴᠠᠭᠠᠨ ᠤ ᠢᠰᠦᠯ ᠢ ᠤᠯᠠᠶᠢᠰᠬᠠᠬᠤ ᠵᠢᠴᠢ ᠢᠵᠢ ᠪᠦᠷᠢᠳᠦᠭᠦᠯᠦᠨ ᠬᠡᠦᠷᠰᠢᠭᠦᠯᠬᠦ ᠲᠦᠷᠦᠯ ᠵᠦᠢᠯ ᠵᠡᠷᠭᠡ ᠶᠢ ᠰᠢᠨᠵᠢᠯᠡᠨ ᠪᠠᠶᠢᠴᠠᠭᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠵᠧᠩ ᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠾᠧᠦ ᠶᠢᠩ᠂ ᠰᠢᠶᠠᠨ ᠤ ᠪᠠᠶᠢᠴᠠᠭᠠᠬᠤ ᠳᠠᠷᠤᠭ᠎ᠠ ᠵᠠᠩ ᡁᠢ ᠮᠢᠨ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠰᠢᠩ ᠾᠧ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠳ᠋ᠦᠩ ᠬᠤᠩ ᠦ᠋ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃                                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3